ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ︵ᠨᠢᠬᠡ︶
ᠨᠡᠶᠢᠲᠡᠯᠡᠭᠰᠡᠨ ᠴᠠᠭ᠄
2024/7/25
 ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂  ᠤᠷᠤᠭᠰᠢᠯᠠᠯᠳᠠ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠳᠤᠯᠬᠤ ᠶᠢ ᠪᠠᠷᠢᠮᠲᠠᠯᠠᠨ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠰᠠᠶᠢᠨ ᠬᠢᠵᠦ᠂ ᠶᠠᠰᠤ ᠴᠢᠨᠠᠷ ᠪᠠ ᠦᠷ᠎ᠡ ᠠᠰᠢᠭ ᠢ ᠢᠯᠡᠳᠲᠡ  ᠲᠡᠭᠡᠭᠰᠢᠯᠡᠬᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ  ᠨᠡᠮᠡᠭᠳᠡᠬᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠨᠢ ᠰᠢᠨ᠎ᠡ ᠠᠬᠢᠴᠠ ᠰᠢᠨ᠎ᠡ  ᠪᠦᠲᠦᠮᠵᠢ ᠲᠠᠢ ᠪᠤᠯᠤᠭᠰᠠᠨ ᠪᠠᠶᠢᠨ᠎ᠠ᠃  ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 21.87 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0%  ᠨᠡᠮᠡᠭᠳᠡᠨ᠂  ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.2% ᠢᠶᠠᠷ  ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠪᠠᠷ ᠨᠡᠮᠡᠭᠳᠡᠵᠡᠢ  ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号