ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ  ︵  ᠭᠤᠷᠪᠠ
ᠨᠡᠶᠢᠲᠡᠯᠡᠭᠰᠡᠨ ᠴᠠᠭ᠄
2024/7/25
  ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠨᠡᠮᠡᠭᠳᠡᠭᠰᠡᠨ᠃ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.3 % ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠥᠷᠲᠡᠭ  2.5% ᠪᠠᠷ ᠨᠡᠮᠡᠭᠳᠡᠵᠡᠢ᠃  ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠬᠦᠨᠳᠦ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠥᠷᠲᠡᠭ 13.2% ᠢᠶᠠᠷ ᠨᠡᠮᠡᠭᠳᠡᠵᠦ᠂ ᠬᠥᠩᠭᠡᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠥᠷᠲᠡᠭ 13.0% ᠢᠶᠠᠷ ᠪᠠᠭᠤᠷᠠᠵᠤ᠂  ᠬᠤᠪᠢᠴᠠᠭᠠᠨ ᠤ  ᠳᠦᠷᠢᠮᠲᠦ ᠠᠵᠤ ᠠᠬᠤᠶᠢᠯᠠᠯ 2.8 % ᠪᠠᠷ ᠨᠡᠮᠡᠭᠳᠡᠨ᠂ ᠭᠠᠳᠠᠭᠠᠳᠤ ᠶᠢᠨ ᠠᠷᠠᠯᠵᠢᠶᠠᠴᠢᠨ ᠪᠠ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 0.2% ᠢᠶᠠᠷ ᠪᠠᠭᠤᠷᠠᠵᠤ᠂ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠷᠲᠡᠭ 9.3% ᠪᠠᠷ ᠪᠠᠭᠤᠷᠠᠭᠰᠠᠨ ᠪᠠᠶᠢᠨ᠎ᠠ᠃ ᠦᠢᠯᠡᠳᠬᠦᠨ ᠤ ᠪᠠᠶᠢᠳᠠᠯ ᠠᠴᠠ ᠨᠢ ᠦᠵᠡᠪᠡᠯ᠂ ᠮᠠᠯ ᠤᠨ ᠡᠮ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠰᠦᠯᠢᠶᠣᠣ ᠪᠦᠳᠦᠭᠡᠭᠳᠡᠬᠦᠨ 2.5%  ᠪᠠᠷ ᠨᠡᠮᠡᠭᠳᠡᠵᠦ᠂ ᠪᠠᠯ ᠴᠢᠯᠠᠭᠤ  ᠪᠠ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 3.5% ᠪᠠᠷ ᠨᠡᠮᠡᠭᠳᠡᠨ᠂ ᠨᠠᠷᠢᠯᠢᠭ ᠦᠢᠯᠡᠳᠦᠭᠰᠡᠨ ᠤᠷᠭᠤᠮᠠᠯ ᠤᠨ ᠲᠣᠰᠣ 48.7% ᠪᠠᠷ ᠪᠠᠭᠤᠷᠠᠵᠤ᠂ ᠲᠡᠵᠢᠭᠡᠯ ᠪᠣᠷᠳᠤᠭ᠎ᠠ 46.5% ᠪᠠᠷ ᠪᠠᠭᠤᠷᠠᠨ᠂  ᠠᠷᠢᠬᠢ ᠤᠮᠳᠠᠭᠠᠨ ᠤ ᠲᠦᠷᠦᠯ 11.9% ᠪᠠᠷ ᠪᠠᠭᠤᠷᠠᠪᠡ᠃ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠤᠨ ᠪᠠᠶᠢᠳᠠᠯ ᠠᠴᠠ ᠦᠵᠡᠪᠡᠯ᠂ 1 - 6 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 17.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4 % ᠪᠠᠷ ᠨᠡᠮᠡᠭᠳᠡᠨ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 3.8 ᠳ᠋ᠦᠩᠰᠢᠭᠤᠷ ᠲᠥᠭᠦᠷᠢᠭ ᠲᠤ ᠬᠦᠷᠴᠦ᠂  0.3 % ᠪᠠᠷ ᠨᠡᠮᠡᠭᠳᠡᠪᠡ᠃  
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号