ᠰᠢᠮ᠎ᠡ ᠲᠡᠵᠢᠭᠡᠯ ᠰᠠᠶᠢᠳᠠᠢ ᠥᠷᠯᠥᠭᠡ ᠶᠢᠨ ᠴᠠᠢ ᠬᠤᠭᠤᠯᠠᠨ ᠳᠤ ᠨᠡᠭᠦᠷᠡᠰᠦ ᠤᠰᠤᠨ ᠤ ᠨᠢᠭᠡᠳᠪᠦᠷᠢ᠂ ᠤᠭᠤᠷᠠᠭ᠂ | ᠥᠨᠳᠡᠭᠡᠨ ᠹᠣᠰᠹᠣᠷᠲᠤ ᠥᠭᠡᠬᠦ᠂ ᠸᠢᠲ᠋ᠠᠮᠢᠨ ᠪᠠ ᠡᠷᠦᠳᠡᠰᠦ ᠪᠣᠳᠠᠰ ᠢ ᠪᠠᠭᠲᠠᠭᠠᠨ᠎ᠠ᠃ 1᠂ ᠨᠡᠭᠦᠷᠡᠰᠦ ᠤᠰᠤᠨ ᠤ | ᠨᠢᠭᠡᠳᠪᠦᠷᠢ ᠶᠢ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠲᠠᠯᠬ᠎ᠠ᠂ ᠮᠠᠨᠲᠠᠤ᠂ ᠬᠤᠯᠢᠮᠠᠭ ᠠᠮᠤ ᠶᠢᠨ ᠰᠢᠩᠭᠡᠨ | ᠪᠤᠳᠠᠭ᠎ᠠ ᠵᠡᠷᠭᠡ ᠭᠤᠣᠯ ᠢᠳᠡᠭᠡᠨ᠃ ᠡᠳᠡᠭᠡᠷ ᠨᠢ ᠨᠡᠭᠦᠷᠡᠰᠦ ᠤᠰᠤᠨ ᠤ ᠨᠢᠭᠡᠳᠪᠦᠷᠢ ᠶᠢ ᠠᠭᠤᠯᠵᠣ᠂ ᠲᠠᠷᠢᠬᠢᠨ ᠳᠤ | ᠬᠡᠷᠡᠭᠴᠡᠭᠡ ᠲᠠᠢ ︽ᠲᠦᠯᠡᠰᠢ︾ — ᠦᠵᠦᠮ ᠤᠨ ᠰᠢᠬᠢᠷ ᠪᠣᠯᠭᠠᠨ ᠬᠤᠪᠢᠷᠠᠭᠤᠯᠵᠤ᠂ ᠶᠡᠭᠡ ᠲᠠᠷᠢᠬᠢ ᠶᠢᠨ | ᠰᠡᠳᠬᠢᠬᠦ᠂ ᠴᠡᠭᠡᠵᠢᠯᠡᠬᠦ ᠪᠠ ᠠᠰᠠᠭᠤᠳᠠᠯ ᠢ ᠰᠢᠢᠳᠪᠦᠷᠢᠯᠡᠬᠦ ᠵᠡᠷᠭᠡ ᠶᠠᠪᠤᠳᠠᠯ ᠳᠤ ᠲᠤᠰᠠᠯᠠᠵᠦ ᠪᠣᠯᠤᠨ᠎ᠠ᠃ 2᠂ | ᠤᠭᠤᠷᠠᠭ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠮᠢᠬ᠎ᠠ᠂ ᠵᠢᠭᠠᠰᠤ᠂ ᠦᠨᠢᠶᠡᠨ ᠰᠦ ᠵᠡᠷᠭᠡ ᠨᠢ ᠴᠢᠰᠤᠨ | ᠰᠢᠬᠢᠷ ᠢ ᠠᠭᠠᠵᠢᠮ ᠢᠶᠠᠷ ᠳᠡᠭᠡᠭᠰᠢᠯᠡᠭᠦᠯᠦᠭᠰᠡᠨ ᠤ ᠳᠠᠷᠠᠭ᠎ᠠ ᠲᠣᠭᠲᠠᠭᠤᠨ ᠪᠠᠶᠢᠳᠠᠯ ᠢ ᠪᠠᠲᠤᠯᠠᠨ᠎ᠠ᠃ ᠤᠭᠤᠷᠠᠭ | ᠳᠣᠲᠣᠷᠠᠬᠢ ᠲᠠᠷᠠᠭ ᠤᠨ ᠰᠢᠪᠲᠦᠷᠲᠦ ᠬᠦᠴᠢᠯ ᠨᠢ ᠪᠠᠰᠠ ᠬᠥᠮᠦᠨ ᠤ ᠪᠡᠶ᠎ᠡ ᠶᠢᠨ ᠳᠤᠫᠠᠮᠢᠨ ᠪᠠ ᠪᠥᠭᠡᠷ᠎ᠡ ᠶᠢᠨ ᠳᠡᠭᠡᠳᠦ | ᠪᠤᠯᠴᠢᠷᠬᠠᠶ ᠶᠢᠨ ᠡᠳ᠋ ᠰᠢᠭᠦᠷᠡᠭᠦᠯᠬᠦ ᠶᠢ ᠠᠬᠢᠭᠤᠯᠵᠤ᠂ ᠬᠥᠮᠦᠰ ᠤᠨ ᠰᠡᠳᠬᠢᠬᠦᠶ ᠶᠢ ᠬᠤᠷᠴᠠ ᠰᠡᠷᠭᠡᠭ ᠪᠣᠯᠭᠠᠳᠠᠭ᠃ | 3᠂ ᠥᠨᠳᠡᠭᠡᠨ ᠹᠣᠰᠹᠣᠷᠲᠤ ᠥᠭᠡᠬᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠲᠠᠬᠢᠶᠠᠨ ᠥᠨᠳᠡᠭᠡ᠂ | ᠪᠤᠷᠴᠠᠭ ᠤᠨ ᠢᠳᠡᠭᠡᠨ ᠵᠡᠷᠭᠡ ᠥᠨᠳᠡᠭᠡᠨ ᠹᠣᠰᠹᠣᠷᠲᠤ ᠥᠭᠡᠬᠦ ᠰᠢᠩᠭᠡᠭᠡᠭᠳᠡᠭᠰᠡᠨ ᠤ ᠳᠠᠷᠠᠭ᠎ᠠ ᠰᠥᠰᠥᠨ ᠤ ᠱᠦᠯᠲᠦ | ᠢᠯᠭᠠᠷᠠᠭᠤᠯᠵᠤ᠂ ᠡᠭᠦᠨ ᠤ ᠤᠯᠠᠮ ᠠᠴᠠ ᠮᠡᠳᠡᠷᠡᠯ ᠤᠨ ᠵᠠᠭᠤᠴᠢ ᠳᠠᠮᠵᠢᠭᠤᠯᠤᠭᠴᠢ ᠡᠳ᠋ ᠤᠨ ᠡᠲ᠋ᠠ ᠡᠰᠢᠯᠲᠦ | ᠰᠥᠰᠥᠨ ᠤ ᠱᠦᠯᠲᠦ ᠶᠢ ᠨᠡᠶᠢᠯᠡᠭᠦᠯᠦᠨ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠠᠬᠢᠭᠤᠯᠤᠨ | ᠰᠠᠶᠢᠵᠢᠷᠠᠭᠤᠯᠳᠠᠭ᠃ 4᠂ ᠸᠢᠲ᠋ᠠᠮᠢᠨ᠂ ᠡᠷᠦᠳᠡᠰᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠰᠢᠨ᠎ᠡ ᠰᠣᠷᠭᠤᠭ | ᠵᠢᠮᠢᠰ ᠨᠣᠭᠤᠭ᠎ᠠ᠂ ᠸᠢᠲ᠋ᠠᠮᠢᠨ ᠪᠣᠯᠤᠨ ᠡᠷᠦᠳᠡᠰᠦ ᠪᠣᠳᠠᠰ ᠪᠣᠯ ᠶᠡᠭᠡ ᠲᠠᠷᠢᠬᠢᠨ ᠳᠤ ᠳᠤᠲᠠᠭᠳᠠᠵᠤ ᠪᠣᠯᠤᠰᠢ ᠦᠭᠡᠢ ︽ | ᠪᠠᠷᠢᠯᠭ᠎ᠠ ᠶᠢᠨ ᠮᠠᠲ᠋ᠧᠷᠢᠶᠠᠯ︾ ᠮᠥᠨ᠂ ᠤᠷᠭᠤᠮᠠᠯ ᠤᠨ ᠬᠢᠮᠢ ᠶᠢᠨ ᠪᠣᠳᠠᠰ ᠨᠢ ᠶᠡᠭᠡ ᠲᠠᠷᠢᠬᠢᠨ ᠳᠤ ᠤᠴᠠᠷᠠᠭᠤᠯᠬᠤ | ᠴᠢᠯᠥᠭᠡᠲᠦ ᠡᠰ ᠤᠨ ᠬᠤᠬᠢᠷᠠᠯ ᠢ ᠡᠰᠡᠷᠭᠦᠴᠡᠵᠦ᠂ ᠴᠡᠭᠡᠵᠢᠯᠡᠬᠦ ᠴᠢᠳᠠᠪᠤᠷᠢ ᠶᠢ ᠬᠠᠮᠠᠭᠠᠯᠠᠳᠠᠭ᠃ |