ᠯᠢ ᠵᠠᠨ ᠪᠦᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/26
  7 ᠰᠠᠷ᠎ᠠ ᠶᠢᠨ 24 ᠤ ᠡᠳᠦᠷ᠂ ᠳᠡᠳ᠋ ᠬᠤᠰᠢᠭᠤ ᠳᠠᠷᠤᠭ᠎ᠠ ᠯᠢ ᠵᠠᠨ ᠪᠦᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠲᠠᠢ ᠬᠠᠮᠳᠤ ᠪᠠᠷ ᠯᠦᠸᠧ ᠲᠦᠸᠧ ᠱᠠᠨ ᠪᠠᠯᠭᠠᠰᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠨ ᠯᠢᠶᠠᠩ ᠲᠣᠰᠬᠤᠨ ᠤ ᠲᠠᠷᠢᠮᠠᠯ ᠤᠨ ᠡᠰᠢ ᠰᠦᠷᠡᠯ ᠢ ᠬᠤᠷᠢᠶᠠᠨ ᠪᠣᠯᠪᠠᠰᠤᠷᠠᠭᠤᠯᠬᠤ ᠦᠢᠯᠡᠳᠪᠦᠷᠢ ᠳᠤ ᠬᠦᠷᠴᠦ ᠠᠰᠢᠭᠯᠠᠯᠲᠠ ᠳᠤ ᠤᠷᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠲᠠᠶᠢᠯᠪᠤᠷᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠡᠵᠡᠩᠨᠡᠯᠲᠡ ᠪᠣᠷᠣᠯᠠᠭᠤᠯᠭ᠎ᠠ ᠶᠢᠨ ᠲᠠᠯ᠎ᠠ ᠪᠠᠷ ᠰᠠᠨᠠᠯ ᠢᠶᠠᠨ ᠰᠤᠯᠢᠯᠴᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠴᠢᠭᠯᠡᠭᠦᠯᠦᠨ ᠰᠠᠨᠠᠯ ᠱᠠᠭᠠᠷᠳᠠᠯᠭ᠎ᠠ ᠪᠠᠨ ᠲᠤᠷᠠᠳᠪᠠ᠃ ᠶᠠᠷᠢᠯᠴᠠᠬᠤ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ ᠯᠢ ᠵᠠᠨ ᠪᠦᠦ  ᠴᠢᠬᠤᠯᠠᠴᠢᠯᠠᠬᠤ ᠳᠠᠭᠠᠨ᠂ ᠲᠦᠷᠦᠯ ᠵᠦᠢᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂  ᠲᠦᠷᠦᠯ ᠵᠦᠢᠯ ᠤᠨ ᠪᠡᠯᠡ ᠮᠥᠩᠭᠦ  ᠶᠢ ᠪᠦᠳᠦᠮᠵᠢᠳᠡᠢ ᠵᠤᠯᠭᠠᠭᠤᠯᠤᠨ᠂ ᠲᠣᠰᠬᠤᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ  ᠬᠤᠯᠪᠤᠭᠳᠠᠯ ᠤᠨ ᠲᠤᠭᠳᠠᠯᠴᠠᠭ᠎ᠠ ᠶᠢ ᠴᠢᠩᠭᠠᠳᠬᠠᠵᠤ᠂ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠵᠤ᠂  ᠲᠦᠷᠦᠯ ᠵᠦᠢᠯ ᠤᠨ ᠦᠷ᠎ᠡ ᠠᠰᠢᠭ ᠬᠦᠷᠳᠡᠬᠦ ᠶᠢ ᠠᠬᠢᠭᠤᠯᠤᠨ᠂ ᠲᠦᠷᠦᠯ ᠵᠦᠢᠯ ᠤᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠠᠵᠤ ᠦᠢᠯᠡᠰ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠡᠭᠦᠷᠭᠡ  ᠶᠢ ᠤᠯᠠᠮ ᠰᠠᠶᠢᠨ ᠨᠠᠶᠢᠳᠠᠪᠤᠷᠢᠵᠢᠭᠤᠯᠵᠤ  ᠂ ︽ᠭᠤᠷᠪᠠ ᠶᠢ ᠪᠠᠲᠤᠯᠠᠬᠤ︾  ᠪᠠ ᠤᠰᠤ ᠤᠮᠳᠠ ᠶᠢ ᠠᠮᠤᠷ ᠲᠦᠪᠰᠢᠨ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠳᠡ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠦᠪᠯᠡᠷᠡᠬᠦᠯᠦᠨ᠂  ᠦᠪᠡᠷᠳᠡᠭᠡᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂  ᠣᠷᠣᠰᠢᠵᠤ ᠪᠠᠶᠢᠭ᠎ᠠ ᠠᠰᠠᠭᠤᠳᠠᠯ ᠢ  ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠲᠣᠰᠬᠤᠨ ᠱᠠᠲᠤᠨ ᠤ ︽ᠠᠷᠪᠠ ᠶᠢ ᠦᠵᠡᠬᠦ︾ ᠳᠠᠩᠰᠠ ᠡᠪᠬᠡᠮᠡᠯ ᠢ ᠡᠮᠬᠢᠯᠡᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠷᠳᠡᠭᠡ ᠳᠤ ᠰᠠᠭᠤᠵᠤ ᠪᠠᠶᠢᠴᠠᠭᠠᠨ ᠵᠢᠯᠤᠭᠤᠳᠬᠤ  ᠠᠵᠢᠯ ᠢ ᠤᠭᠲᠤᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠠᠵᠢᠯ  ᠢ ᠪᠣᠳᠠᠲᠠᠢ ᠪᠦᠭᠡᠳ ᠨᠠᠷᠢᠯᠢᠭ ᠠᠳᠬᠤᠵᠤ᠂  ᠲᠦᠭᠰᠢᠭᠦᠷᠢ ᠶᠢᠨ ᠴᠡᠭ ᠢ ᠰᠤᠳᠤᠯᠤᠨ ᠮᠠᠭᠠᠳᠯᠠᠵᠤ᠂ ᠨᠡᠮᠡᠭᠳᠡᠯ ᠤᠨ ᠴᠡᠭ ᠢ ᠬᠠᠶᠢᠵᠤ ᠢᠯᠡᠷᠡᠬᠦᠯᠦᠨ᠂ ᠠᠵᠢᠯ ᠤᠨ ᠬᠦᠴᠦᠯᠡᠬᠦ ᠴᠡᠭ ᠢ ᠣᠨᠣᠪᠴᠢᠲᠠᠢ ᠣᠯᠵᠤ᠂ ᠠᠵᠢᠯ ᠣᠯᠭᠤᠯᠲᠠ ᠶᠢ ᠠᠳᠬᠤᠨ᠂ ᠠᠵᠤ ᠦᠢᠯᠡᠰ ᠢ ᠠᠬᠢᠭᠤᠯᠵᠤ᠂ ᠡᠯ᠎ᠡ  ᠲᠦᠷᠦᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠣᠯᠤᠨ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠣᠷᠣᠯᠭ᠎ᠠ ᠪᠠᠭᠤᠷᠠᠬᠤ ᠲᠦᠭᠰᠢᠭᠦᠷᠢ ᠶᠢ ᠠᠷᠢᠯᠭᠠᠨ᠂ ᠤᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠭᠡᠷᠡᠭᠯᠡᠵᠦ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠬᠦᠯᠵᠦ᠂ ᠣᠷᠣᠨ ᠪᠦᠰᠡ ᠶᠢᠨ ᠴᠢᠨᠠᠷᠲᠠᠶ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠬᠡᠪᠡ᠃  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号