ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠬᠠᠯᠠᠭᠤᠨ ᠲᠤᠰᠬᠠᠯ ᠭᠠᠷᠤᠯ᠎ᠠ
ᠨᠡᠶᠢᠲᠡᠯᠡᠭᠰᠡᠨ ᠴᠠᠭ᠄
2024/7/26
  7 ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠡᠭᠡᠵᠢᠩ ᠳᠤ ᠬᠤᠷᠠᠯᠳᠤᠵᠠᠢ᠃ ᠬᠤᠷᠠᠯ ᠲᠡᠭᠡᠷ᠎ᠡ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠶᠡᠷᠦᠩᠬᠡᠢ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠠᠯᠢ ᠣᠯᠠᠨ ᠰᠢᠨ᠎ᠡ ᠤᠬᠠᠭᠳᠠᠬᠤᠨ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠲᠤᠷᠠᠳᠤᠭᠠᠳ᠂ ᠲᠠᠶᠢᠹᠤᠰᠧ ᠬᠤᠰᠢᠭᠤᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠠᠯᠠᠭᠤᠨ ᠲᠤᠰᠬᠠᠯ ᠭᠠᠷᠤᠭᠰᠠᠨ ᠪᠠᠶᠢᠨ᠎ᠠ᠃    ᠪᠤᠤᠴᠠᠩ ᠪᠠᠯᠭᠠᠰᠤᠨ ᠤ ᠲᠠᠢ ᠫᠢᠩ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠠᠵᠢᠯᠳᠠᠳ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠤ ᠲᠠᠷᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠢ ᠪᠠᠭ᠎ᠠ ᠶᠠᠪᠤᠳᠠᠯ ᠨᠢᠭᠡᠪᠦᠷᠢ ᠠᠴᠠ ᠡᠬᠢᠯᠡᠨ ᠰᠠᠶᠢᠨ ᠬᠢᠵᠦ᠂  ᠠᠷᠠᠳ ᠤᠯᠠᠨ  ᠳᠤ ᠠᠰᠢᠭ ᠬᠦᠷᠲᠡᠭᠡᠬᠦ ᠠᠷᠠᠳ ᠤᠯᠠᠨ ᠤ ᠰᠡᠳᠬᠢᠯ ᠢ ᠳᠤᠯᠠᠭᠠᠴᠠᠭᠤᠯᠬᠤ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠪᠠᠷ ᠦᠷᠬᠦᠯᠵᠢᠯᠡᠨ ᠴᠢᠷᠮᠠᠶᠢᠨ᠎ᠠ ᠭᠡᠵᠦ ᠢᠯᠡᠳᠬᠡᠵᠡᠭᠡᠪᠡ᠃       ᠲᠠᠢ ᠫᠢᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠴᠧᠨ ᠶᠦᠩ ᠮᠧᠢ᠄ ︽ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠠᠴᠠ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠶᠢᠨ ᠴᠢᠬᠤᠯᠠ  ᠴᠢᠨᠠᠷ ᠢ ᠴᠢᠬᠤᠯᠠᠴᠢᠯᠠᠭᠰᠠᠨ ᠪᠠᠶᠢᠨ᠎ᠠ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠶᠢᠨ ᠨᠢᠭᠡ᠂  ᠮᠦᠨᠴᠦ ᠬᠠᠮᠤᠭ ᠤᠨ ᠦᠨᠡᠨ ᠪᠣᠳᠠᠲᠠᠢ᠂ ᠬᠠᠮᠤᠭ ᠤᠨ ᠲᠤᠰᠠᠲᠠᠢ ᠠᠷᠠᠳᠴᠢᠯᠠᠯ ᠮᠥᠨ᠂ ᠡᠨᠡ ᠨᠢ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠮᠠᠨ ᠤ ᠨᠡᠶᠢᠭᠡᠮ ᠲᠣᠭᠤᠷᠢᠭ ᠤᠨ ᠠᠵᠢᠯ ᠤᠨ ᠳᠤᠮᠳᠠ ᠪᠠᠰᠠ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠦᠢᠯᠡᠳᠦᠬᠡᠵᠢᠬᠦᠯᠬᠦ ᠨᠢ ᠴᠢᠬᠤᠯᠠ᠃ ᠵᠢᠱᠢᠶᠡᠯᠡᠪᠡᠯ ᠨᠡᠶᠢᠭᠡᠮ ᠲᠣᠭᠤᠷᠢᠭ ᠤᠨ ᠶᠠᠪᠤᠳᠠᠯ ᠤᠨ ᠰᠢᠢᠳᠪᠦᠷᠢᠳᠦ ᠪᠣᠳᠣᠯᠭ᠎ᠠ  ᠶᠢ ᠲᠣᠭᠲᠠᠭᠠᠬᠤ ᠶᠠᠪᠤᠴᠠ ᠳᠤ ᠰᠠᠭᠤᠭᠠᠯᠢ ᠠᠷᠠᠳ ᠢ ᠣᠷᠣᠯᠴᠠᠭᠤᠯᠵᠤ᠂ ᠶᠠᠷᠢᠯᠴᠠᠨ ᠵᠦᠪᠯᠡᠬᠦ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠬᠤ ᠬᠡᠷᠡᠭᠲᠡᠶ᠃ ᠠᠷᠠᠳᠴᠢᠯᠠᠯ ᠢᠶᠠᠷ ᠰᠣᠩᠭᠤᠭᠤᠯᠢ ᠬᠢᠬᠦ᠂ ᠠᠷᠠᠳᠴᠢᠯᠠᠯ ᠢᠶᠠᠷ ᠶᠠᠷᠢᠯᠴᠠᠨ ᠵᠦᠪᠯᠡᠬᠦ᠂ ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠰᠠᠭᠤᠭᠠᠯᠢ ᠠᠷᠠᠳ ᠢ ᠬᠠᠤᠯᠢ ᠶᠣᠰᠣᠭᠠᠷ ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠳᠤ ᠦᠨᠡᠨ ᠪᠣᠳᠠᠲᠠᠶ ᠣᠷᠣᠯᠴᠠᠭᠤᠯᠬᠤ ᠬᠡᠷᠡᠭᠲᠡᠶ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠢᠯᠡᠳᠦᠯᠭᠡ ᠶᠢ ᠦᠷᠭᠦᠯᠵᠢᠯᠡᠨ ᠢᠳᠡᠪᠬᠢᠲᠡᠢ ᠠᠬᠢᠭᠤᠯᠬᠤ ᠶᠢᠨ ᠬᠠᠮᠲᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠦᠨᠳᠦᠰᠦᠨ ᠱᠠᠲᠤᠨ ᠤ ᠬᠦᠴᠦᠨ ᠴᠢᠳᠠᠯ ᠢᠶᠠᠨ ᠡᠷᠬᠦᠬᠦ ᠪᠠᠷ ᠴᠢᠷᠮᠠᠶᠢᠨ᠎ᠠ︾᠃    ᠪᠦᠬᠦᠳᠡ ᠬᠤᠷᠠᠯ ᠠᠴᠠ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ ᠰᠢᠨᠡᠴᠢᠯᠡᠨ ᠲᠡᠭᠦᠯᠳᠡᠷᠵᠢᠭᠦᠯᠵᠦ᠂ ᠤᠯᠤᠰ ᠲᠦᠷᠦ ᠪᠠᠷ ᠴᠠᠭᠳᠠᠭᠠᠨ ᠤ ᠡᠩᠨᠡᠭᠡ ᠶᠢ ᠪᠠᠶᠢᠭᠤᠯᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠨᠤᠯ ᠤᠨ ᠰᠤᠷᠤᠯᠴᠠᠯᠭ᠎ᠠ ᠶᠢᠨ ᠪᠠᠶᠢᠩᠭᠤᠵᠢᠵᠤ  ᠲᠦᠷᠢᠮᠵᠢᠬᠦ ᠶᠢ ᠠᠬᠢᠭᠤᠯᠤᠨ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ  ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠴᠡᠪᠡᠷ ᠴᠢᠭᠡᠴᠢ᠂ ᠬᠠᠷᠢᠴᠠᠯᠠᠰᠢᠭᠦᠢ ᠢᠳᠡᠭᠡᠯ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠦ ᠲᠤᠷᠠᠳᠤᠭᠰᠠᠨ ᠪᠠᠶᠢᠨ᠎ᠠ᠃    ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭ᠎ᠠ ᠸᠠᠩ ᠮᠦ ᠶᠣᠣ᠄ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ  ᠤᠳᠤᠬᠢᠴᠢᠯᠠᠯᠳᠠ ᠪᠠᠷ ᠬᠦᠴᠦᠷᠬᠡᠭ ᠤᠯᠤᠰ ᠬᠦᠷᠦᠨ ᠤ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠡᠷᠡᠨ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠪᠦᠬᠦᠳᠡ ᠬᠤᠷᠠᠯ ᠤᠨ ᠬᠤᠷᠠᠯᠳᠤᠭᠰᠠᠨ ᠨᠢ ᠪᠢᠳᠡᠨ ᠢ ᠲᠦᠢᠯ ᠢᠶᠠᠷ ᠤᠷᠮᠠᠰᠢᠭᠤᠯᠤᠨ ᠵᠤᠷᠢᠬᠵᠢᠭᠤᠯᠵᠠᠢ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠪᠤᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠥᠪ ᠤᠳᠤᠷᠢᠳᠤᠯᠭ᠎ᠠ ᠠᠴᠠ ᠢᠷᠡᠯᠲᠡ ᠲᠠᠢ ᠭᠡᠳᠡᠭ ᠢ ᠪᠢ ᠨᠡᠩ ᠭᠦᠨᠵᠡᠭᠡᠢ ᠤᠶᠢᠯᠠᠭᠠᠭᠰᠠᠨ᠃ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ ᠪᠢ ᠬᠦᠴᠢᠷ ᠪᠡᠷᠭᠡᠰᠢᠶᠡᠯ ᠠᠴᠠ ᠰᠢᠨᠳᠠᠷᠠᠬᠤ ᠦᠭᠡᠢ᠂  ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠪᠠᠷᠢᠮᠲᠠᠯᠠᠵᠤ᠂  ︿ᠠᠯᠪᠠᠨ ᠵᠠᠷᠤᠴᠠ﹀ ᠶᠢᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠎ᠡ︾  ᠃    ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠷᠤᠭᠰᠢᠯᠠᠯᠲᠠ ᠶᠢᠨ ᠪᠦᠷᠢᠶ᠎ᠠ ᠶᠢ ᠬᠠᠩᠬᠢᠨᠠᠭᠤᠯᠤᠯ᠎ᠠ᠃ ᠲᠠᠶᠢᠹᠤᠰᠧ ᠬᠤᠰᠢᠭᠤᠨ ᠤ ᠬᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠤᠰ ᠤᠨ ᠰᠢᠨ᠎ᠡ ᠠᠶᠠᠨ ᠳᠤ ᠯᠠᠪᠳᠠᠭᠤᠨ ᠪᠠᠲᠤᠲᠠᠢ ᠠᠵᠢᠯ ᠤᠨ ᠠᠷᠭ᠎ᠠ ᠪᠠᠷᠢᠯ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠲᠠᠶᠢᠹᠤᠰᠧ ᠬᠤᠰᠢᠭᠤᠨ ᠤ ᠪᠠᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠢᠳᠡᠭᠡᠯ ᠲᠡᠬᠦᠯᠳᠡᠷ ᠪᠠᠶᠢᠵᠠᠭᠠᠨ᠎ᠠ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号