ᠲᠠᠶᠢᠹᠤᠰᠧ ᠬᠤᠰᠢᠭᠤ ᠭᠠᠯ ᠰᠡᠷᠭᠡᠶᠢᠯᠡᠵᠦ ᠭᠠᠯ ᠤᠨᠳᠠᠷᠠᠭᠠᠬᠤ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/7/26
   ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ ᠭᠠᠯ ᠢ ᠰᠡᠷᠭᠡᠶᠢᠯᠡᠵᠦ ᠭᠠᠯ ᠢ ᠤᠨᠳᠠᠷᠠᠭᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 24 ᠤ ᠡᠳᠦᠷ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠤᠳ ᠢ ᠵᠤᠬᠢᠶᠠᠨ ᠪᠠᠶᠢᠭᠤᠯᠵᠤ  ᠂ ᠭᠠᠯ ᠰᠡᠷᠭᠡᠶᠢᠯᠡᠵᠦ ᠭᠠᠯ ᠤᠨᠲᠠᠷᠠᠭᠠᠬᠤ  ᠪᠣᠯᠪᠠᠰᠤᠷᠠᠯ   ᠬᠢᠵᠡᠢ᠃ ᠡᠯ᠎ᠡ ᠭᠤᠤᠯᠳᠠᠯᠭ᠎ᠠ ᠲᠠᠢ ᠨᠢᠭᠡᠴᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠪᠣᠯᠤᠨ ᠭᠠᠯ ᠤᠨᠲᠠᠷᠠᠭᠠᠬᠤ ᠬᠠᠮᠢᠶᠠᠷᠤᠯᠲᠠ ᠶᠢᠨ ᠠᠵᠢᠯᠲᠠᠨ 180 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃  ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠳᠠᠨ ᠠᠴᠠ ᠣᠶᠢᠷ᠎ᠠ ᠶᠢᠨ ᠵᠢᠯ ᠤᠨ ᠲᠤᠷᠰᠢ ᠪᠥᠬᠦ ᠤᠯᠤᠰ ᠤᠨ ᠡᠯ᠎ᠡ ᠭᠠᠵᠠᠷ ᠲᠤ ᠡᠭᠦᠰᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨ ᠠᠶᠤᠯ ᠡᠭᠦᠰᠦᠭᠰᠡᠨ ᠰᠢᠯᠲᠠᠭᠠᠨ᠂ ᠤᠴᠠᠷᠠᠭᠤᠯᠤᠭᠰᠠᠨ ᠬᠦᠨᠳᠦ ᠨᠣᠴᠢᠲᠠᠶ ᠦᠷ᠎ᠡ ᠳ᠋ᠦᠩ ᠵᠢᠴᠢ  ᠡᠬᠦᠷᠭᠡᠯᠡᠭᠰᠡᠨ ᠬᠠᠤᠯᠢ ᠶᠢᠨ ᠬᠠᠷᠢᠭᠤᠴᠠᠯᠭ᠎ᠠ ᠶᠢ ᠭᠦᠨᠵᠡᠭᠡᠶ ᠵᠠᠳᠠᠯᠵᠤ᠂ ᠪᠣᠯᠪᠠᠰᠤᠷᠠᠯ ᠳᠤ ᠣᠷᠣᠯᠴᠠᠭᠰᠠᠳ ᠲᠤ ᠭᠠᠯ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠭᠤᠯᠤᠭᠰᠠᠨ ᠤ ᠬᠠᠮᠳᠤ᠂ ᠭᠠᠯ ᠰᠡᠷᠭᠡᠶᠢᠯᠡᠬᠦ ᠬᠠᠤᠯᠢ ᠲᠦᠷᠢᠮ᠂  ᠭᠠᠯ ᠤᠨᠲᠠᠷᠠᠭᠠᠬᠤ ᠪᠠᠭᠠᠵᠢ ᠭᠡᠷᠡᠭᠰᠡᠯ ᠢ ᠬᠡᠷᠡᠭᠯᠡᠬᠦ ᠪᠠ ᠬᠠᠮᠠᠭᠠᠯᠠᠬᠤ᠂ ᠭᠠᠯ ᠤᠨ ᠠᠶᠤᠯ ᠤᠨ ᠳᠠᠯᠳᠠ ᠭᠡᠮ ᠢ  ᠪᠠᠶᠢᠴᠠᠭᠠᠵᠤ ᠴᠡᠭᠴᠡᠯᠡᠬᠦ᠂ ᠪᠠᠴᠢᠮ ᠪᠠᠶᠢᠳᠠᠯ ᠢ ᠠᠷᠭᠠᠴᠠᠵᠤ ᠦᠪᠡᠷ ᠢ ᠪᠠᠨ ᠬᠠᠮᠠᠭᠠᠯᠠᠬᠤ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠠᠵᠢᠯᠯᠠᠭᠤᠯᠬᠤ ᠠᠷᠭ᠎ᠠ ᠬᠡᠮᠵᠢᠶ᠎ᠡ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠦᠨᠳᠦᠰᠦᠨ ᠠᠷᠭ᠎ᠠ ᠲᠤᠷᠰᠢᠯᠭ᠎ᠠ ᠶᠢ ᠡᠵᠡᠮᠰᠢᠭᠦᠯᠪᠡ᠃    ᠥᠪᠥᠷ ᠮᠤᠩᠭᠤᠯ ᠤᠨ ᠳᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠭᠠᠯ ᠰᠡᠷᠭᠡᠶᠢᠯᠡᠬᠦ ᠠᠮᠤᠷ ᠲᠦ᠋ᠪᠰᠢᠨ ᠤ ᠬᠠᠮᠢᠶᠠᠷᠤᠯᠳᠠ ᠶᠢᠨ ᠠᠵᠢᠯᠳᠠᠨ ᠶᠤᠸᠠᠨ ᠷᠦᠢ ᠰᠢᠨ᠄ ︽ᠪᠣᠯᠪᠠᠰᠤᠷᠠᠯ ᠳᠤ ᠤᠷᠤᠯᠴᠠᠭᠠᠳ ᠪᠢᠳᠡ ᠭᠠᠯ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠴᠢᠳᠠᠪᠤᠷᠢ ᠪᠠᠨ ᠲᠡᠭᠡᠭᠰᠢᠯᠡᠬᠦᠯᠵᠡᠢ᠃  ᠬᠠᠷᠢᠮᠠᠭᠴᠠ ᠪᠠᠨ ᠪᠢᠳᠡ ᠠᠵᠤ ᠠᠬᠤᠶᠢᠯᠠᠯ ᠤᠨ  ᠢᠶᠠᠨ ᠪᠥᠬᠦ ᠠᠵᠢᠯᠲᠠᠨ ᠢ ᠵᠣᠬᠢᠶᠠᠨ ᠪᠠᠶᠢᠭᠤᠯᠵᠤ  ᠭᠠᠯ ᠤᠨᠳᠠᠷᠠᠭᠠᠬᠤ ᠪᠣᠯᠪᠠᠰᠤᠷᠠᠯ ᠪᠠ ᠰᠣᠷᠢᠯᠲᠠ ᠶᠢ ᠬᠢᠯᠬᠡᠨ᠂ ᠰᠤᠷᠴᠤ ᠡᠵᠡᠮᠰᠢᠭᠰᠡᠨ ᠮᠡᠳᠡᠯᠭᠡ ᠴᠢᠳᠠᠪᠤᠷᠢ ᠪᠠᠨ ᠠᠵᠢᠯᠲᠠᠨ ᠨᠢᠭᠡᠪᠦᠷᠢ ᠳᠤ ᠤᠯᠠᠮᠵᠢᠯᠠᠨ ᠥᠭᠴᠦ᠂  ᠠᠵᠤ ᠠᠬᠤᠶᠢᠯᠠᠯ ᠤᠨ ᠢᠶᠠᠨ ᠭᠠᠯ ᠰᠡᠷᠭᠡᠶᠢᠯᠡᠵᠦ ᠭᠠᠯ ᠤᠨᠳᠠᠷᠠᠭᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃︾   ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠤᠬᠠᠭᠤᠯᠭ᠎ᠠ ᠬᠦᠮᠦᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠣᠯᠪᠠᠰᠤᠷᠠᠯ ᠬᠦᠮᠦᠵᠢᠯ ᠤᠨ ᠠᠷᠭ᠎ᠠ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠬᠦᠳᠦᠨ᠂ ᠪᠣᠯᠪᠠᠰᠤᠷᠠᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠵᠦ᠂ ︽ ᠬᠥᠮᠥᠨ ᠪᠦᠬᠦᠨ ᠭᠠᠯ   ᠢ ᠰᠡᠷᠭᠡᠶᠢᠯᠡᠵᠦ ᠭᠠᠯ ᠢ ᠤᠨᠲᠠᠷᠠᠭᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠠᠷᠠᠳ ᠣᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠴᠢᠩᠭ᠎ᠠ ᠠᠮᠤᠷ ᠲᠦᠪᠰᠢᠨ ᠤ ᠬᠠᠯᠬᠠᠪᠴᠢ ᠬᠠᠩᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号