ᠰᠢᠩ ᠹᠦ᠋ ᠰᠢᠶᠠᠩ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
  7 ᠰᠠᠷ᠎ᠠ ᠶᠢᠨ 22 ᠤᠨ ᠡᠳᠦᠷ᠂ ᠰᠢᠩ ᠹᠦ᠋ ᠰᠢᠶᠠᠩ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ︵ᠡᠷᠬᠢᠯᠡᠭᠴᠢ︶ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠠᠬᠢ ᠡᠳ᠋ ᠪᠣᠳᠠᠰ ᠨᠥᠭᠡᠴᠡᠯᠡᠬᠦ᠂ ᠠᠶᠤᠯᠲᠠᠶ ᠬᠡᠷ ᠪᠠᠶᠢᠰᠢᠩ ᠢ ᠪᠠᠶᠢᠴᠠᠭᠠᠬᠤ᠂  ᠠᠶᠤᠯ ᠭᠠᠮᠰᠢᠭ ᠠᠴᠠ ᠠᠪᠤᠷᠬᠠᠤ᠂  ᠮᠡᠳᠡᠭᠡ ᠵᠠᠩᠬᠢ ᠬᠦᠷᠭᠡᠬᠦ ᠵᠡᠷᠭᠡ ᠠᠵᠢᠯ ᠢ ᠤᠯᠠᠮ ᠬᠦᠨᠵᠡᠬᠡᠢ ᠳᠣᠭᠢᠷᠠᠭᠤᠯᠤᠨ ᠪᠠᠶᠢᠷᠢᠯᠠᠭᠤᠯᠪᠠ᠃ ᠨᠠᠮ ᠤᠨ ᠬᠤᠷᠢᠶᠠᠨ ᠤ ᠱᠦᠵᠢ ᠰᠥᠩ ᠹᠧᠩ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠡᠬᠦᠯᠦᠨ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠨ᠂ ᠦᠢᠯᠡ ᠠᠵᠢᠯᠯᠠᠭᠠᠨ ᠤ ᠲᠠᠯ᠎ᠠ ᠪᠠᠷ ᠨᠠᠶᠢᠳᠠᠪᠤᠷᠢᠵᠢᠭᠤᠯᠵᠤ᠂  ᠦᠶᠡᠷ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠨ ᠬᠢᠵᠦ ᠪᠦᠲᠦᠮᠵᠢᠲᠡᠢ ᠥᠷᠨᠢᠭᠦᠯᠬᠦ ᠬᠡᠷᠡᠭᠲᠡᠢ᠃ ᠬᠤᠶᠠᠷ ᠲᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠸᠢᠴᠠᠲ ᠲᠠᠪᠴᠠᠩ ᠢ ᠭᠦᠢᠴᠡᠳ ᠠᠰᠢᠭᠯᠠᠨ᠂  ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠤᠬᠠᠭᠤᠯᠤᠨ᠂  ᠣᠯᠠᠨ ᠲᠦᠮᠡᠨ ᠢ ᠵᠢᠯᠤᠭᠤᠳᠴᠤ ᠪᠠᠶᠢᠭᠠᠳ ᠴᠠᠭ ᠠᠭᠤᠷ ᠤᠨ ᠬᠤᠪᠢᠷᠠᠯᠲᠠ ᠶᠢ ᠠᠩᠬᠠᠷᠤᠭᠤᠯᠵᠤ᠂ ᠠᠶᠤᠯ ᠠᠴᠠ ᠵᠠᠶᠢᠯᠠᠬᠤ ᠠᠷᠭ᠎ᠠ ᠲᠤᠷᠰᠢᠯᠭ᠎ᠠ ᠶᠢ ᠡᠵᠡᠮᠰᠢᠬᠦᠯᠦᠨ᠂ ᠡᠷᠲᠡ ᠠᠴᠠ ᠰᠡᠷᠡᠮᠵᠢᠯᠡᠬᠦ ᠡᠷᠲᠡ ᠠᠴᠠ ᠰᠡᠷᠭᠡᠶᠢᠯᠡᠬᠦ ᠶᠢ ᠪᠡᠶᠡᠯᠡᠭᠦᠯᠵᠦ᠂  ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠶ᠃ ᠭᠤᠷᠪᠠ ᠳᠤ ᠭᠡᠮ ᠰᠤᠭᠤᠭ ᠤᠨ ᠪᠠᠶᠢᠴᠠᠭᠠᠯᠳᠠ ᠶᠢ ᠰᠠᠶᠢᠨ ᠬᠢᠵᠦ᠂ ᠭᠤᠤᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ  ᠲᠦᠪᠯᠡᠷᠡᠬᠦᠯᠦᠨ᠂ ᠨᠤᠷᠠᠬᠤ ᠠᠶᠤᠯᠲᠠᠶ ᠭᠡᠷ ᠪᠠᠶᠢᠰᠢᠩ ᠤᠨ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠂  ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号