ᠠᠰᠠᠷᠠᠮᠵᠢ ᠶᠢᠨ ᠬᠦᠷᠢᠶᠡᠯᠡᠩ ᠳᠤ ᠶᠠᠪᠤᠭᠳᠠᠭᠰᠠᠨ ᠠᠯᠪᠠᠨ ᠵᠢᠷᠤᠮ ᠤᠨ ᠦᠢᠯᠡᠴᠢᠯᠡᠭᠡ
ᠨᠡᠶᠢᠲᠡᠯᠡᠭᠰᠡᠨ ᠴᠠᠭ᠄
2024/7/29
 7 ᠰᠠᠷ᠎ᠠ ᠶᠢᠨ 27 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠨᠢ ᠰᠢᠯᠢ ᠶᠢᠨ ᠭᠤᠤᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ   ᠲᠠᠶᠢᠹᠤᠰᠧ ᠬᠤᠰᠢᠭᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠣᠶᠤᠨ ᠮᠡᠳᠡᠷᠡᠯ ᠤᠨ ᠰᠠᠭᠠᠳ ᠲᠠᠢ ᠬᠦᠮᠦᠰ ᠢ ᠬᠢᠨᠠᠨ ᠲᠣᠭᠲᠠᠭᠠᠬᠤ ᠠᠯᠪᠠᠨ ᠵᠢᠷᠤᠮ ᠤᠨ ᠦᠢᠯᠡᠴᠢᠯᠡᠭᠡ ᠦᠷᠨᠢᠬᠦᠯᠦᠨ᠂  ᠵᠡᠮᠳᠡᠭᠴᠤᠳ ᠲᠤ ᠬᠠᠶᠢᠷ᠎ᠠ ᠬᠠᠯᠠᠮᠵᠢ  ᠬᠦᠷᠭᠡᠭᠰᠡᠨ ᠪᠠᠶᠢᠨ᠎ᠠ᠃ ᠡᠮᠴᠢᠯᠡᠭᠡᠨ ᠤ ᠪᠦᠯᠬᠦᠮ ᠨᠢ ᠰᠢᠯᠭᠠᠨ ᠪᠠᠶᠢᠴᠠᠭᠠᠬᠤ ᠪᠠᠭᠠᠵᠢ ᠲᠥᠬᠦᠭᠡᠷᠦᠮᠵᠢ ᠪᠠᠨ ᠠᠪᠴᠤ ᠠᠰᠠᠷᠠᠮᠵᠢ ᠶᠢᠨ ᠬᠦᠷᠢᠶᠡᠯᠡᠩ ᠳᠤ ᠬᠦᠷᠢᠶᠡᠯᠡᠩ ᠬᠦᠷᠦᠭᠡᠳ᠂ ᠨᠠᠰᠤᠳᠠᠶᠢᠴᠤᠳ ᠲᠠᠢ ᠬᠦᠯᠢᠴᠡᠩᠭᠦᠶ ᠪᠠᠷ  ᠶᠠᠷᠢᠯᠴᠠᠨ ᠨᠡᠪᠳᠡᠷᠡᠯᠴᠡᠵᠦ᠂ ᠠᠵᠢᠭᠯᠠᠬᠤ᠂ ᠠᠰᠠᠭᠤᠬᠤ᠂ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠡᠪᠡᠳᠴᠢᠨ ᠤ ᠪᠠᠶᠢᠳᠠᠯ ᠢ ᠨᠢ ᠰᠢᠨᠵᠢᠯᠡᠬᠦ ᠤᠬᠠᠭᠠᠨᠴᠢ ᠵᠦᠪ ᠣᠨᠣᠪᠴᠢᠲᠠᠶ ᠪᠠᠷ ᠤᠨᠤᠰᠢᠯᠠᠨ ᠲᠤᠳᠤᠯᠠᠪᠠ᠃ ᠡᠭᠦᠨ ᠤ ᠬᠠᠮᠲᠤ᠂ ᠲᠤᠰᠬᠠᠶ ᠮᠡᠷᠭᠡᠵᠢᠯᠲᠡᠳ ᠣᠶᠤᠨ ᠮᠡᠳᠡᠷᠡᠯ ᠤᠨ ᠰᠠᠭᠠᠳ ᠲᠠᠢ ᠬᠦᠮᠦᠰ ᠪᠠ ᠲᠡᠳᠡᠨ ᠤ ᠠᠰᠠᠷᠠᠨ ᠬᠠᠷᠠᠭᠠᠯᠵᠠᠭᠴᠢ ᠯᠤᠭ᠎ᠠ ᠬᠦᠯᠢᠴᠡᠩᠭᠦᠶ ᠪᠠᠷ ᠶᠠᠷᠢᠯᠴᠠᠵᠤ  ᠡᠪᠡᠳᠴᠢᠨ ᠤ ᠲᠡᠤᠬᠡ᠂ ᠡᠪᠡᠳᠴᠢᠨ ᠤ ᠪᠠᠶᠢᠳᠠᠯ᠂  ᠡᠮᠴᠢᠯᠡᠭᠡ ᠵᠠᠰᠠᠯᠭ᠎ᠠ᠂ ᠡᠳᠦᠷ ᠲᠤᠲᠤᠮ ᠤᠨ ᠠᠮᠢᠳᠤᠷᠠᠯ ᠤᠨ ᠬᠠᠮᠢᠶ᠎ᠠ ᠪᠥᠬᠦᠶ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠤ᠂ ᠡᠯ᠎ᠡ ᠲᠥᠷᠥᠯ ᠤᠨ ᠮᠡᠳᠡᠭᠡ ᠵᠠᠩᠬᠢ ᠶᠢ ᠦᠨᠳᠦᠰᠦᠯᠡᠨ ᠡᠪᠡᠳᠴᠢᠲᠡᠨ ᠳᠤ ᠬᠢᠨᠠᠨ ᠲᠣᠭᠲᠠᠭᠠᠯᠲᠠ ᠬᠢᠭᠰᠡᠨ ᠪᠦᠭᠡᠳ ᠡᠷᠡᠬᠦᠯ ᠮᠡᠨᠳᠦ ᠶᠢᠨ ᠵᠢᠯᠣᠭᠤᠳᠣᠯᠭ᠎ᠠ ᠬᠢᠵᠦ᠂ ᠡᠪᠡᠳᠴᠢᠲᠡᠨ ᠤ ᠡᠮᠴᠢ ᠶᠢᠨ ᠰᠠᠨᠠᠭᠤᠯᠭ᠎ᠠ ᠪᠠᠷ ᠡᠮ ᠲᠠᠩ ᠭᠡᠷᠡᠭᠯᠡᠵᠦ ᠡᠪᠡᠳᠴᠢᠨ ᠢᠶᠠᠨ ᠡᠮᠨᠡᠬᠦᠯᠬᠦ ᠶᠢ ᠵᠣᠷᠢᠭᠵᠢᠭᠤᠯᠵᠠᠢ᠃ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠠᠰᠠᠷᠠᠮᠵᠢ ᠶᠢᠨ ᠬᠦᠷᠢᠶᠡᠯᠡᠩ ᠪᠠ ᠡᠯ᠎ᠡ ᠲᠣᠰᠬᠤᠨ ᠤ 43 ᠵᠡᠮᠳᠡᠭ ᠬᠦᠮᠦᠨ ᠳᠤ ᠬᠢᠨᠠᠨ ᠲᠣᠭᠲᠠᠭᠠᠯᠲᠠ ᠬᠢᠵᠦ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠪᠠᠷ ᠵᠡᠮᠳᠡᠭᠴᠦᠳ ᠤᠨ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ ᠢ ᠨᠡᠮᠡᠭᠳᠡᠭᠦᠯᠦᠭᠰᠡᠨ ᠪᠥᠭᠡᠳ ᠵᠡᠮᠳᠡᠭᠴᠦᠳ ᠪᠠ ᠲᠡᠳᠡᠨ ᠤ ᠭᠡᠷ ᠪᠦᠯᠢ ᠶᠢᠨ ᠬᠢᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号