ᠶᠦᠩ ᠹᠧᠩ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/7/29
ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠢ ᠪᠦᠲᠦᠮᠵᠢᠲᠡᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ 7 ᠰᠠᠷ᠎ᠠ ᠶᠢᠨ 23 ᠤ ᠡᠳᠦᠷ ᠶᠦᠩ ᠹᠧᠩ ᠪᠠᠯᠭᠠᠰᠤᠨ ᠤ ᠭᠠᠯ ᠰᠡᠷᠭᠡᠶᠢᠯᠡᠵᠦ ᠭᠠᠯ ᠤᠨᠳᠠᠷᠠᠭᠠᠬᠤ  ᠪᠠᠶᠢᠴᠠᠭᠠᠨ ᠵᠢᠯᠣᠭᠤᠳᠬᠤ ᠲᠥᠪ   ᠨᠢ ᠡᠳᠦᠷ ᠲᠤᠳᠤᠮ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠠᠢ ᠰᠧ ᠲᠧ ᠴᠢᠯᠦᠬᠡᠳᠦ ᠳᠡᠯᠭᠡᠭᠦᠷ᠂  ᠨᠦᠩ ᠰᠢᠶᠠᠩ ᠲᠣᠰᠣ ᠰᠢᠬᠠᠬᠤ ᠦᠢᠯᠡᠳᠪᠦᠷᠢ᠂ ᠰᠢᠩ ᠰᠢᠩ ᠰᠡᠯᠪᠢᠨ ᠵᠠᠰᠠᠬᠤ ᠭᠠᠵᠠᠷ ᠵᠡᠷᠭᠡ 22 ᠡᠷᠦᠬᠡ ᠬᠤᠪᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠬᠢᠵᠦ᠂  ᠵᠠᠷᠢᠮ ᠠᠵᠤ ᠠᠬᠤᠶᠢᠯᠠᠯ  ᠤᠨ ᠬᠢᠨ ᠭᠠᠯ  ᠤᠨᠳᠠᠷᠠᠭᠠᠬᠤ ᠪᠠᠭᠠᠵᠢ ᠭᠡᠷᠡᠭᠰᠡᠯ ᠨᠢ ᠦᠢᠯᠡᠳᠦᠯ ᠢᠶᠠᠨ ᠠᠯᠳᠠᠭᠰᠠᠨ ᠪᠤᠶᠤ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ ᠤᠭᠰᠠᠷᠠᠭᠰᠠᠨ ᠥᠬᠡᠶ ᠵᠡᠷᠭᠡ ᠠᠮᠤᠷ ᠲᠦᠪᠰᠢᠨ ᠤ ᠳᠠᠯᠳᠠ ᠬᠡᠮ ᠤᠷᠤᠰᠢᠵᠤ ᠪᠠᠶᠢᠬᠤ ᠶᠢ ᠢᠯᠡᠷᠡᠬᠦᠯᠦᠭᠡᠳ 5 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠪᠠᠭᠤᠯᠭᠠᠭᠰᠠᠨ ᠪᠠᠶᠢᠨ᠎ᠠ᠃ ᠵᠢᠯᠣᠭᠤᠳᠬᠤ ᠲᠥᠪ ᠤᠨ ᠠᠵᠢᠯᠳᠠᠳ ᠠᠴᠠ ᠠᠵᠤ ᠠᠬᠤᠶᠢᠯᠠᠯ  ᠳᠤ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠤ ᠬᠠᠮᠲᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠰᠠᠶᠢᠨ ᠬᠢᠵᠦ  ᠤᠰᠤᠯ ᠠᠳᠡᠯ   ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤ ᠨᠢ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠠᠵᠤ ᠠᠬᠤᠶᠢᠯᠠᠯ ᠢ ᠭᠤᠤᠯᠳᠠᠯᠭ᠎ᠠ ᠲᠠᠢ ᠱᠠᠭᠠᠷᠳᠠᠵᠤ ᠪᠠᠶᠢᠭᠠᠳ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂  ᠬᠠᠷᠢᠶ᠎ᠠ ᠣᠷᠣᠨ ᠤ ᠪᠠᠨ ᠳᠣᠲᠣᠷᠠᠬᠢ ︽ᠶᠢᠰᠦᠨ ᠵᠢᠵᠢᠭ ᠲᠠᠯᠠᠪᠤᠷ︾ ᠵᠢᠴᠢ ᠠᠵᠤ ᠠᠬᠤᠶᠢᠯᠠᠯ ᠢ ᠱᠠᠭᠠᠷᠳᠠᠨ ᠪᠠᠶᠢᠴᠠᠭᠠᠵᠤ ᠬᠢᠨᠠᠨ ᠵᠢᠯᠣᠭᠤᠳᠬᠤ ᠡᠷᠴᠢᠮ ᠢᠶᠠᠨ ᠤᠯᠠᠮ ᠴᠢᠩᠭᠠᠷᠠᠭᠤᠯᠵᠤ᠂  ᠪᠦᠬᠦ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠤᠨ ᠬᠢᠷᠢ ᠲᠦᠪᠰᠢᠨ ᠤ ᠲᠠᠰᠤᠷᠠᠯᠲᠠ ᠥᠬᠡᠶ ᠲᠡᠭᠡᠭᠰᠢᠯᠡᠬᠦᠯᠬᠦ ᠪᠠᠷ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号