ᠬᠤᠰᠢᠭᠤᠨ ᠤ ᠤᠳᠤᠷᠢᠳᠤᠯᠭ᠎ᠠ ᠨᠠᠷ ︽7 .1︾ ᠤ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/7/3
 ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢᠨ ᠲᠠᠰᠢᠷᠠᠮ ᠢᠶᠠᠷ᠂ ᠵᠣᠣ ᠹᠸᠢ ᠫᠧᠩ᠂ ᠴᠧᠨ ᠶᠠᠨ ᠪᠦᠦ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠲᠣᠰ ᠲᠣᠰ ᠠᠬᠠᠮᠠᠳ ᠨᠠᠮ ᠤᠨ ᠭᠡᠰᠢᠭᠦᠨ ᠪᠠ ᠬᠦᠴᠢᠷᠳᠡᠯᠲᠡᠶ ᠨᠠᠮ ᠤᠨ ᠭᠡᠰᠢᠭᠦᠨ ᠢ ᠡᠷᠬᠢᠨ ᠲᠣᠬᠤᠨᠢᠭᠤᠯᠵᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠪᠠ ᠬᠦᠨᠳᠦᠳᠬᠡᠯ ᠲᠡᠪᠰᠢᠬᠦᠯᠦᠭᠰᠡᠨ ᠪᠠᠶᠢᠨ᠎ᠠ᠃ ᠵᠣᠣ ᠹᠧᠢ ᠫᠧᠩ ᠴᠢᠶᠠᠨ ᠶᠢᠨ ᠭᠸᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ ᠬᠦᠷᠴᠦ ᠠᠬᠠᠮᠠᠳ ᠨᠠᠮ ᠤᠨ ᠭᠡᠰᠢᠭᠦᠨ ᠤ ᠭᠡᠷ ᠲᠤ ᠬᠦᠷᠴᠦ᠂ ᠨᠠᠰᠤᠲᠠᠨ ᠤ ᠪᠡᠶ᠎ᠡ ᠮᠠᠬᠠᠪᠣᠳ ᠪᠠ ᠠᠮᠢᠳᠤᠷᠠᠯ ᠤᠨ ᠪᠠᠶᠢᠳᠠᠯ ᠢ ᠨᠢ ᠤᠶᠢᠯᠠᠭᠠᠭᠰᠠᠨ ᠪᠦᠭᠡᠳ ᠨᠠᠰᠤᠲᠠᠨ ᠢ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢᠶᠠᠨ ᠪᠠᠷᠢᠮᠲᠠᠯᠠᠵᠤ᠂ ᠪᠡᠶ᠎ᠡ ᠪᠠᠨ ᠰᠠᠶᠢᠬᠠᠨ ᠰᠤᠪᠢᠯᠠᠵᠤ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠬᠥᠳᠡᠭᠡ ᠲᠣᠰᠬᠤᠨ ᠤ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠢᠶᠠᠨ ᠭᠠᠷᠭᠠᠵᠤ ᠪᠠᠶᠢᠭᠠᠷᠠᠢ ᠬᠡᠵᠦ ᠵᠠᠬᠢᠪᠠ᠃ ᠴᠧᠨ ᠶᠠᠨ ᠪᠦᠦ ᠬᠤᠩ ᠴᠢ ᠪᠠᠯᠭᠠᠰᠤᠨ ᠤ ᠬᠤᠩ ᠴᠢ ᠲᠣᠰᠬᠤᠨ ᠳᠤ ᠬᠦᠷᠴᠦ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠲᠤᠬᠤᠨᠢᠭᠤᠯᠵᠤ ᠲᠡᠳᠡᠨ ᠲᠠᠢ ᠲᠤᠳᠤᠨᠤᠰᠤᠭ ᠢᠶᠠᠷ ᠶᠠᠷᠢᠯᠴᠠᠵᠤ ᠰᠠᠨᠠᠯ ᠢᠶᠠᠨ ᠰᠤᠯᠢᠯᠴᠠᠭᠰᠠᠨ ᠪᠦᠭᠡᠳ ᠡᠷᠬᠢᠵᠦ ᠲᠤᠭᠤᠷᠢᠬᠤ ᠠᠵᠢᠯ ᠢ ᠪᠠᠶᠢᠩᠭᠤ ᠦᠷᠨᠢᠬᠦᠯᠦᠨ᠂ ᠦᠢᠯᠡᠴᠢᠯᠡᠭᠡ ᠪᠠᠳᠤᠯᠠᠭᠠᠨ ᠤ ᠠᠵᠢᠯ ᠢ ᠰᠠᠶᠢᠲᠤᠷ ᠬᠢᠵᠦ᠂ ᠠᠬᠠᠮᠠᠳ ᠨᠠᠮ ᠤᠨ ᠭᠡᠰᠢᠭᠦᠨ ᠢ ᠦᠳᠡᠯᠦᠭᠡ ᠨᠠᠰᠤᠨ ᠳᠠᠭᠠᠨ ᠠᠰᠠᠷᠠᠮᠵᠢ ᠬᠠᠷᠠᠭᠠᠯᠵᠠᠯ ᠲᠠᠢ᠂ ᠪᠠᠶᠠᠷ ᠪᠠᠶᠠᠰᠬᠤᠯᠠᠩ ᠲᠠᠢ ᠪᠠᠶᠢᠯᠭᠠᠬᠤ ᠬᠡᠷᠡᠭᠲᠡᠢ ᠭᠡᠵᠦ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ  ᠱᠠᠭᠠᠷᠳᠠᠪᠠ᠃ ᠵᠤᠤ ᠹᠸᠢ ᠫᠧᠩ ᠶᠠᠷᠢᠶᠠᠨ  ᠳᠠᠭᠠᠨ  ᠂ ᠪᠦᠬᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠠᠬᠠᠮᠠᠳ ᠨᠠᠮ ᠤᠨ ᠭᠡᠰᠢᠬᠦᠳ  ᠠᠴᠠ ᠪᠡᠶ᠎ᠡ ᠲᠡᠭᠡᠷ᠎ᠡ ᠠᠴᠠ ᠲᠤᠯᠭᠤᠷ ᠵᠤᠷᠢᠯᠳᠠ ᠶᠠᠭᠤ ᠭᠡᠳᠡᠭ ᠢ ᠤᠶᠢᠯᠠᠭᠠᠨ᠂ ᠲᠡᠳᠡᠨ ᠤ ᠨᠠᠮ ᠳᠠᠭᠠᠨ ᠦᠨᠡᠨᠴᠢ ᠰᠢᠳᠤᠷᠭᠤ᠂ ᠨᠠᠮ ᠳᠠᠭᠠᠨ ᠠᠯᠢᠪᠠ ᠪᠠᠨ ᠵᠤᠷᠢᠭᠤᠯᠬᠤ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠵᠤ᠂ ᠰᠢᠨ᠎ᠡ ᠠᠶᠠᠨ ᠵᠠᠮ ᠳᠤ ᠰᠢᠨ᠎ᠡ ᠡᠭᠦᠷᠭᠡ ᠬᠠᠷᠢᠭᠤᠴᠠᠯᠭ᠎ᠠ ᠶᠢ ᠡᠬᠦᠷᠭᠡᠯᠡᠨ᠂ ᠰᠢᠨ᠎ᠡ ᠵᠢᠳᠬᠦᠯ ᠴᠢᠷᠮᠠᠶᠢᠯᠭ᠎ᠠ ᠪᠠᠨ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠡᠬᠦᠨ ᠠᠴᠠ ᠭᠠᠳᠠᠨ᠎ᠠ᠂ ᠬᠤᠰᠢᠭᠤᠨ ᠤ ᠪᠤᠰᠤᠳ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠴᠤ ᠠᠳᠠᠯᠢ ᠪᠤᠰᠤ ᠬᠡᠯᠪᠡᠷᠢ ᠪᠠᠷ ᠰᠤᠮᠤ ᠰᠢᠶᠠᠩ ᠪᠠᠯᠭᠠᠰᠤᠨ ᠳᠤ  ᠬᠦᠨᠵᠡᠬᠡᠶᠢᠷᠡᠵᠦ ᠠᠬᠠᠮᠠᠳ ᠨᠠᠮ ᠤᠨ ᠭᠡᠰᠢᠭᠦᠨ ᠪᠠ ᠬᠦᠴᠢᠷᠳᠡᠯᠲᠡᠶ ᠨᠠᠮ ᠤᠨ ᠭᠡᠰᠢᠭᠦᠨ ᠢ ᠬᠠᠯᠠᠮᠵᠢᠯᠠᠨ ᠲᠤᠬᠤᠨᠢᠭᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号