ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠢᠨ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/7/3
  7 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠵᠠᠩ ᠶᠢᠨ ᠮᠢᠩ ᠵᠡᠷᠭᠡ ᠬᠦᠮᠦᠰ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ᠂ ︽ ᠬᠠᠯᠠᠭᠤᠨ ᠲᠤᠯᠠᠭᠠᠨ ᠤ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ᠂ ᠠᠷᠠᠳ ᠤᠨ ᠲᠥᠯᠥᠭᠡᠯᠡᠭᠴᠢᠳ ᠤᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠵᠤ  ᠵᠢᠭᠠᠨ ᠵᠢᠯᠤᠭᠤᠳᠴᠠᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂  ᠳᠡᠳ᠋ ᠡᠷᠬᠢᠯᠡᠭᠴᠢ ᠯᠢ ᠱᠣᠤ ᠯᠢᠨ᠂ ᠵᠠᠰᠠᠭ ᠤᠨ ᠣᠷᠳᠣᠨ ᠤ ᠳᠡᠳ᠋  ᠬᠤᠰᠢᠭᠤ ᠳᠠᠷᠤᠭ᠎ᠠ ᠤᠶᠤᠨᠴᠡᠴᠡᠭ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠱᠧᠨ ᠨᠧᠩ ᠢᠯᠴᠢ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠰᠢᠨ ᠭᠠᠩ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠩ ᠳ᠋ᠡ ᠬᠤᠸᠠ ᠶᠤᠸᠠᠨ ᠰᠠᠭᠤᠭᠠᠯᠢ ᠲᠣᠭᠤᠷᠢᠭ᠂ ᠴᠢᠶᠠᠨ ᠶᠢᠨ ᠭᠧᠦ ᠪᠠᠯᠭᠠᠰᠤᠨ ᠤ ᠲᠧᠦ ᠬᠤᠤ ᠲᠣᠰᠬᠤᠨ᠂ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ   ᠳᠤ ᠭᠦᠨᠵᠡᠭᠡᠶᠢᠷᠡᠵᠦ᠂  ᠪᠠᠶᠢᠴᠠᠭᠠᠨ ᠦᠵᠡᠬᠦ ᠪᠠ ᠰᠠᠨᠠᠯ ᠢᠶᠠᠨ ᠰᠣᠯᠢᠯᠴᠠᠬᠤ ᠬᠡᠯᠪᠡᠷᠢ ᠪᠠᠷ ᠲᠥᠷᠥᠯ ᠵᠦᠢᠯ ᠤᠨ ᠠᠬᠢᠴᠠ᠂ ᠠᠵᠤ ᠠᠬᠤᠶᠢᠯᠠᠯ ᠤᠨ ᠡᠵᠡᠩᠨᠡᠯᠳᠡ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠵᠡᠷᠭᠡ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠬᠠᠷᠢᠭᠤ ᠮᠡᠳᠡᠭᠦᠯᠦᠯᠲᠡ ᠶᠢ  ᠰᠤᠨᠤᠰᠤᠭᠰᠠᠨ ᠪᠦᠭᠡᠳ ᠰᠠᠨᠠᠯ ᠱᠠᠭᠠᠷᠳᠠᠯᠭ᠎ᠠ ᠪᠠᠨ ᠲᠤᠷᠠᠳᠴᠠᠢ᠃ ᠲᠤᠬᠠᠶᠢᠯᠠᠪᠠᠯ᠂ ︽ᠬᠠᠯᠠᠭᠤᠨ ᠲᠤᠯᠠᠭᠠᠨ ᠤ ᠢᠨᠵᠧᠨᠧᠷᠢᠩ  ︾ ᠢ ᠡᠷᠭᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠠᠷᠢᠯᠭ᠎ᠠ ᠶᠢᠨ ᠴᠠᠭ ᠬᠤᠭᠤᠴᠠᠭ᠎ᠠ ᠶᠢ ᠰᠠᠶᠢᠳᠤᠷ  ᠡᠵᠡᠮᠳᠡᠵᠦ᠂  ᠰᠢᠨᠡᠳᠭᠡᠵᠦ ᠥᠭᠡᠷᠡᠴᠢᠯᠡᠬᠦ ᠠᠵᠢᠯ ᠢ ᠲᠥᠯᠥᠪᠯᠡᠭᠡ ᠶᠣᠰᠣᠭᠠᠷ ᠪᠡᠶᠡᠯᠡᠬᠦᠯᠦᠨ᠂ ᠲᠤᠯᠠᠭᠠᠯᠠᠭ᠎ᠠ ᠶᠢᠨ ᠶᠠᠰᠤ ᠴᠢᠨᠠᠷ ᠪᠠ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠲᠡᠭᠡᠭᠰᠢᠯᠡᠬᠦᠯᠵᠦ᠂  ︽ᠬᠠᠯᠠᠭᠤᠨ ᠲᠤᠯᠠᠭᠠᠨ ᠤ ᠢᠨᠵᠧᠨᠧᠷᠢᠩ︾ ᠠᠴᠠ ᠪᠣᠯᠤᠭᠰᠠᠨ ᠪᠣᠳᠠᠲᠠᠶ ᠬᠤᠪᠢᠷᠠᠯᠲᠠ ᠶᠢ ᠣᠯᠠᠨ ᠲᠦᠮᠡᠨ ᠳᠤ ᠦᠨᠡᠨ ᠬᠦ ᠮᠡᠳᠡᠭᠦᠯᠬᠦ ᠬᠡᠷᠡᠭᠲᠡᠶ᠃ ᠤᠯᠤᠰ ᠲᠦᠷᠦ ᠶᠢᠨ ᠤᠬᠠᠮᠰᠠᠷ ᠢᠶᠠᠨ ᠤᠯᠠᠮ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠰᠢᠨᠡᠴᠢᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠦᠭᠵᠢᠭᠡᠨ᠂ ᠠᠷᠠᠳ ᠤᠨ ᠲᠥᠯᠥᠭᠡᠯᠡᠭᠴᠢᠳ ᠤᠨ ᠤᠯᠠᠨ ᠲᠦᠮᠡᠨ ᠤ ᠳᠤᠮᠳᠠ ᠠᠴᠠ ᠢᠷᠡᠬᠦ᠂ ᠤᠯᠠᠨ ᠲᠦᠮᠡᠨ ᠳᠤ ᠦᠢᠯᠡᠴᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠪᠠᠶᠢᠭᠠᠳ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号