ᠰᠢᠩ ᠹᠦ᠋ ᠰᠢᠶᠠᠩ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
  ᠣᠶᠢᠷ᠎ᠠ ᠳᠤ᠂ ᠰᠢᠩ ᠹᠦ᠋ ᠰᠢᠶᠠᠩ ᠨᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ︵ᠡᠷᠬᠢᠯᠡᠭᠴᠢ︶ ᠬᠤᠷᠠᠯ ᠳᠤ ᠣᠷᠣᠯᠴᠠᠵᠠᠶ᠃ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠵᠣᠣ ᠢᠦᠶ ᠪᠦᠦ ᠠᠴᠠ᠂ ᠨᠢᠭᠡ ᠳᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠠᠵᠢᠯ ᠢ  ᠰᠠᠶᠢᠨ ᠰᠠᠶᠢᠲᠤᠷ ᠬᠢᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠭᠢᠯᠲᠡ ᠶᠢᠨ ᠵᠥᠷᠢᠴᠡᠯ ᠵᠢᠭᠤᠷᠠᠭᠠᠨ ᠢ ᠰᠠᠶᠢᠲᠤᠷ ᠰᠢᠢᠳᠪᠦᠷᠢᠯᠡᠨ᠂ ᠬᠠᠷᠢᠶ᠎ᠠ ᠣᠷᠣᠨ ᠤ ᠪᠠᠨ ᠡᠶ᠎ᠡ ᠵᠤᠬᠢᠴᠠᠯ ᠪᠠ ᠠᠮᠤᠷ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ ᠲᠠᠷᠢᠶᠠᠯᠠᠩ ᠤᠨ ᠤᠰᠤᠨ ᠤ ᠰᠦᠢᠳᠬᠡᠯ ᠬᠤᠷᠢᠶᠠᠬᠤ ᠠᠵᠢᠯ ᠢ ᠰᠠᠶᠢᠨ ᠬᠢᠵᠦ᠂ ᠲᠣᠰᠬᠤᠨ ᠤ ︽ᠬᠤᠶᠠᠷ ᠵᠥᠪᠯᠡᠯ︾   ᠨᠢ ᠠᠵᠢᠯ ᠤᠨ ᠡᠷᠴᠢᠮ ᠢᠶᠠᠨ ᠴᠢᠩᠭᠠᠷᠠᠭᠤᠯᠤᠨ᠂   ᠲᠤᠰᠢᠶᠠᠯᠭᠠᠬᠤ ᠶᠤᠰᠤᠳᠠᠢ ᠤᠰᠤᠨ ᠤ ᠰᠦᠢᠳᠭᠡᠯ ᠢ ᠪᠦᠬᠦᠨ ᠢ ᠲᠤᠰᠢᠶᠠᠯᠭᠠᠬᠤ ᠬᠡᠷᠡᠭᠲᠡᠢ᠃ ᠭᠤᠷᠪᠠ ᠳᠤ ︽ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠢ ᠰᠠᠶᠢᠨ ᠬᠢᠵᠦ᠂ ᠤᠯᠠᠨ ᠲᠦᠮᠡᠨ ᠤ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠳᠤᠯᠠᠨ᠂ ᠡᠷᠬᠡ ᠶᠢ ᠢᠯᠡ ᠪᠠᠷ ᠬᠡᠷᠡᠭᠵᠢᠭᠦᠯᠬᠦ᠂ ᠺᠠᠳ᠋ᠷ ᠢᠯᠡ ᠪᠠᠷ ᠠᠵᠢᠯᠯᠠᠬᠤ᠂ ᠤᠯᠠᠨ ᠲᠦᠮᠡᠨ ᠢᠯᠡ ᠪᠠᠷ ᠬᠢᠨᠠᠯᠲᠠ ᠲᠠᠯᠪᠢᠬᠤ ᠶᠢ ᠪᠠᠲᠤᠯᠠᠬᠤ ᠬᠡᠷᠡᠭᠲᠡᠢ᠃ ᠲᠦᠷᠪᠡ ᠳᠤ ᠦᠶᠡᠷ ᠰᠡᠷᠭᠡᠶᠢᠯᠡᠬᠦ ᠠᠵᠢᠯ ᠢ ᠰᠠᠶᠢᠨ ᠬᠢᠵᠦ᠂ ᠴᠠᠭ ᠠᠭᠤᠷ ᠤᠨ ᠪᠠᠶᠢᠳᠠᠯ ᠢ ᠠᠩᠬᠠᠷᠤᠨ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠵᠦ᠂  ᠠᠷᠠᠳ ᠤᠯᠠᠨ ᠤ ᠡᠳ᠋ ᠬᠦᠷᠦᠩᠬᠡ ᠪᠣᠯᠤᠨ ᠠᠮᠢ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠠᠪᠤ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠨ ᠬᠢᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂  ᠭᠡᠮ ᠰᠣᠭᠤᠭ ᠤᠨ ᠪᠠᠶᠢᠴᠠᠭᠠᠯᠳᠠ ᠶᠢᠨ ᠡᠷᠴᠢᠮ ᠢ ᠴᠢᠩᠭᠠᠷᠠᠭᠤᠯᠤᠨ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠤᠰᠤᠯ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠨᠠᠮ ᠤᠨ ᠬᠤᠷᠢᠶᠠᠨ ᠤ ᠱᠦᠵᠢ ᠰᠦᠩ ᠹᠧᠩ ᠴᠢᠬᠤᠯᠠᠴᠢᠯᠠᠬᠤ ᠳᠠᠭᠠᠨ᠂  ᠲᠣᠰᠬᠤᠨ ᠤ ᠱᠦᠵᠢ ᠨᠠᠷ ᠨᠠᠮ ᠤᠨ ᠪᠠᠶᠢᠭᠤᠯᠤᠯᠲᠠ ᠪᠣᠯ ᠡᠯ᠎ᠡ ᠲᠦᠷᠦᠯ ᠤᠨ ᠠᠵᠢᠯ ᠢ ᠠᠬᠢᠭᠤᠯᠬᠤ ᠴᠢᠬᠤᠯᠠ ᠪᠠᠲᠤᠯᠠᠭ᠎ᠠ  ᠭᠡᠳᠡᠭ ᠢ ᠲᠣᠳᠣᠷᠬᠠᠢ ᠲᠠᠨᠢᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠬᠦᠷᠭᠡ ᠬᠠᠷᠢᠭᠤᠴᠠᠯᠭ᠎ᠠ ᠶᠢ ᠬᠦᠢᠴᠡᠳᠭᠡᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠭᠤᠷᠪᠠᠳᠤᠭᠠᠷ ᠤᠯᠠᠷᠢᠯ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠠᠯᠬᠤᠮ ᠶᠠᠪᠤᠴᠠ ᠪᠠ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ᠂ ᠶᠠᠳᠠᠭᠤ ᠬᠦᠴᠢᠷᠳᠡᠯᠲᠡᠶ ᠡᠷᠦᠬᠡ ᠶᠢᠨ ᠰᠢᠨ᠎ᠡ ᠪᠠᠷ ᠨᠡᠮᠡᠭᠳᠡᠭᠰᠡᠨ ᠪᠠᠶᠢᠳᠠᠯ᠂ ᠬᠥᠮᠦᠨ ᠠᠮᠠ ᠶᠢᠨ ᠨᠡᠮᠡᠭᠳᠡᠵᠦ ᠬᠠᠰᠤᠭᠳᠠᠭᠰᠠᠨ ᠪᠠᠶᠢᠳᠠᠯ ᠳᠤ ᠨᠠᠷᠢᠨ ᠨᠢᠮᠪᠠᠶ ᠵᠦᠪ ᠤᠨᠤᠪᠴᠢᠳᠠᠢ ᠲᠣᠬᠢᠷᠠᠭᠤᠯᠤᠯᠲᠠ ᠬᠢᠵᠦ᠂ ᠮᠡᠳᠡᠭᠡ ᠵᠠᠩᠭᠢ ᠶᠢᠨ ᠦᠨᠡᠨ ᠪᠣᠳᠠᠲᠠᠶ ᠨᠠᠶᠢᠳᠠᠪᠤᠷᠢᠲᠠᠶ ᠪᠠᠶᠢᠬᠤ ᠶᠢ ᠪᠠᠳᠤᠯᠠᠨ᠂  ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠲᠠᠷᠠᠭᠠᠴᠢ ᠶᠢᠨ ᠠᠵᠢᠯ ᠳᠤ  ᠦᠨᠳᠦᠰᠦᠯᠡᠯ ᠬᠠᠩᠭᠠᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠢ ᠳᠠᠶᠢᠴᠢᠯᠠᠨ᠂ ᠣᠯᠠᠨ ᠲᠦᠮᠡᠨ ᠳᠤ ᠲᠦᠰᠢᠭᠯᠡᠵᠦ᠂ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ᠂ ᠢᠯᠡᠴᠢᠯᠡᠨ ᠮᠡᠳᠡᠭᠦᠯᠬᠦ ᠤᠲᠠᠰᠤ ᠵᠡᠷᠭᠡ ᠪᠠᠷ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠥᠷᠭᠡᠨ ᠢᠶᠠᠷ ᠴᠤᠭᠯᠠᠭᠤᠯᠬᠤ ᠭᠡᠷᠡᠭᠳᠡᠢ ᠬᠡᠪᠡ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号