ᠬᠥᠳᠡᠭᠡ ᠲᠣᠰᠬᠤᠨ ᠳᠤ ᠬᠦᠨᠵᠡᠬᠡᠶᠢᠷᠡᠵᠦ ᠬᠦᠳᠡᠭᠡ ᠲᠣᠰᠬᠤᠨ ᠢ ᠲᠤᠰᠠᠯᠠᠵᠤ ᠬᠥᠳᠡᠭᠡ ᠲᠣᠰᠬᠤᠨ ᠢ ᠬᠥᠭᠵᠢᠭᠦᠯᠦᠨ᠎ᠠ
ᠨᠡᠶᠢᠲᠡᠯᠡᠭᠰᠡᠨ ᠴᠠᠭ᠄
2024/7/31
  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠴᠠ ᠳᠤ᠂ ᠲᠠᠶᠢᠹᠤᠰᠧ ᠬᠤᠰᠢᠭᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠨᠵᠡᠬᠡᠶᠢᠷᠡᠵᠦ  ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠵᠡᠰᠬᠦᠯᠡᠩᠲᠦ ᠰᠢᠨ᠎ᠡ ᠬᠥᠳᠡᠭᠡ ᠲᠣᠰᠬᠤᠨ ᠤ ᠦᠯᠢᠭᠡᠷ ᠢ ᠬᠠᠮᠲᠤᠪᠠᠷ ᠪᠢᠴᠢᠭᠯᠡᠨᠡᠮ᠃   ᠪᠢᠶᠠᠨ ᠴᠢᠶᠠᠩ ᠲᠣᠰᠬᠤᠨ ᠤ ᠭᠦᠵᠡᠯᠵᠡᠭᠡᠨ᠎ᠡ ᠶᠢᠨ ᠴᠢᠬᠢ ᠪᠤᠶᠢᠵᠢᠭᠤᠯᠬᠤ ᠬᠦᠯᠡᠮᠵᠢ ᠳᠤ ᠬᠦᠷᠬᠦ ᠳᠤ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ ᠱᠦᠵᠢ ᠢᠦᠶ ᡁᠢ ᠪᠢᠨ᠂ ᠪᠢᠶᠠᠨ ᠴᠢᠶᠠᠩ ᠲᠣᠰᠬᠤᠨ ᠤ ᠨᠠᠮ ᠤᠨ ᠡᠭᠦᠷ ᠤᠨ ᠱᠦᠵᠢ ᠸᠠᠩ ᠸᠧᠨ ᠴᠧᠩ ᠶᠠᠭ ᠬᠦᠵᠡᠯᠵᠡᠬᠡᠨ᠎ᠡ ᠶᠢᠨ ᠴᠢᠬᠢ ᠶᠢᠨ ᠢᠶᠠᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ ᠪᠠᠶᠢᠯ᠎ᠠ᠃ ᠰᠠᠷ᠎ᠠ ᠬᠠᠭᠠᠰ ᠤᠨ ᠲᠠᠷᠠᠭ᠎ᠠ ᠡᠳᠡᠭᠡᠷ ᠭᠦᠵᠡᠯᠵᠡᠭᠡᠨ᠎ᠡ ᠶᠢᠨ ᠴᠢᠬᠢ ᠶᠢ ᠪᠡᠭᠡᠵᠢᠩ᠂ ᠪᠤᠤᠳᠢᠩ᠂ ᠰᠢᠨᠵᠢᠶᠠᠩ ᠵᠡᠷᠭᠡ ᠭᠠᠵᠠᠷ ᠲᠤ ᠪᠣᠷᠣᠯᠠᠭᠤᠯᠬᠤ ᠪᠣᠯᠤᠨ᠎ᠠ᠃   ᠢᠦᠶ ᡁᠢ ᠪᠢᠨ᠄ ︽ᠡᠨᠡ ᠵᠢᠯ ᠠᠴᠠ ᠮᠠᠨ ᠤ ᠠᠵᠢᠯᠯᠠᠬᠤ ᠠᠩᠭᠢ ᠨᠢ ᠲᠣᠰᠬᠤᠨ ᠤ ᠬᠤᠶᠠᠷ ᠵᠥᠪᠯᠡᠯ ᠲᠠᠢ ᠬᠠᠮᠳᠤ ᠪᠠᠷ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠪᠣᠯᠤᠨ ᠪᠡᠯᠡ ᠮᠥᠩᠭᠦ ᠳᠤ ᠲᠦᠰᠢᠭᠯᠡᠨ᠂ ᠭᠦᠵᠡᠯᠵᠡᠭᠡᠨ᠎ᠡ ᠶᠢᠨ ᠴᠢᠬᠢ ᠪᠤᠶᠢᠵᠢᠭᠤᠯᠬᠤ ᠲᠥᠷᠥᠯ ᠵᠦᠢᠯ ᠢ ᠢᠳᠡᠪᠬᠢᠲᠡᠢ ᠬᠥᠭᠵᠢᠭᠦᠯᠦᠨ ᠪᠤᠵᠠᠭᠠᠶᠢᠷᠠᠭᠤᠯᠵᠤ᠂ ᠪᠣᠷᠣᠯᠠᠭᠤᠯᠭ᠎ᠠ ᠶᠢᠨ ᠵᠠᠮ ᠢ ᠦᠷᠭᠡᠳᠭᠡᠭᠡᠳ᠂ ᠨᠡᠯᠢᠶᠡᠳ ᠰᠠᠶᠢᠨ ᠦᠷ᠎ᠡ ᠪᠦᠲᠦᠮᠵᠢ ᠤᠯᠤᠭᠰᠠᠨ︾᠃    ᠣᠶᠢᠷ᠎ᠠ ᠶᠢᠨ ᠵᠢᠯ ᠤᠳ ᠲᠤ᠂ ᠪᠢᠶᠠᠨ ᠴᠢᠶᠠᠩ ᠲᠣᠰᠬᠤᠨ ᠤ ᠨᠠᠮ ᠤᠨ ᠡᠭᠦᠷ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ  ᠦᠢᠯᠡᠳᠦᠯ ᠢ ᠬᠦᠢᠴᠡᠳ ᠪᠠᠳᠠᠷᠠᠭᠤᠯᠤᠨ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠪᠠᠶᠢᠭᠠᠳ ᠭᠠᠵᠠᠷ ᠰᠢᠷᠣᠶ ᠶᠢᠨ ᠡᠬᠢ ᠪᠠᠶᠠᠯᠢᠭ ᠢ ᠵᠦᠶ ᠵᠣᠬᠢᠰᠲᠠᠶ ᠲᠤᠬᠢᠷᠠᠭᠤᠯᠵᠤ᠂ ︽ᠨᠠᠮ ᠤᠨ ᠡᠭᠦᠷ + ᠬᠤᠷᠰᠢᠶᠠᠵᠢᠯ + ᠲᠠᠷᠢᠶᠠᠴᠢᠨ ᠡᠷᠦᠬᠡ︾᠎ ᠶᠢᠨ ᠵᠠᠭᠪᠤᠷ ᠢᠶᠠᠷ ᠭᠦᠵᠡᠯᠵᠡᠭᠡᠨ᠎ᠡ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠭᠠᠳ᠂ ᠴᠢᠨᠠᠷ ᠰᠠᠶᠢᠲᠠᠶ ᠭᠦᠵᠡᠯᠵᠡᠭᠡᠨ᠎ᠡ ᠶᠢᠨ ᠴᠢᠬᠢ ᠪᠤᠶᠢᠵᠢᠭᠤᠯᠬᠤ ᠠᠵᠤ ᠦᠢᠯᠡᠰ ᠢ ᠬᠦᠭᠵᠢᠬᠦᠯᠵᠡᠢ᠃ ᠭᠠᠵᠠᠷ ᠰᠢᠷᠣᠶ ᠪᠠᠨ ᠲᠦᠷᠢᠶᠡᠰᠦᠯᠡᠭᠦᠯᠬᠦ᠂  ᠲᠦᠷᠦᠯ ᠵᠦᠢᠯ ᠤᠨ ᠤᠷᠤᠨ ᠳᠤ ᠬᠦᠯᠦᠰᠦᠨ ᠠᠵᠢᠯ ᠬᠢᠬᠦ ᠪᠠᠷ ᠲᠠᠮᠵᠢᠭᠠᠳ᠂ ᠲᠤᠬᠠᠶ ᠶᠢᠨ ᠭᠠᠵᠠᠷ ᠤᠨ ᠲᠠᠷᠢᠶᠠᠴᠢᠳ ᠣᠶᠢᠷ᠎ᠠ ᠬᠠᠪᠢ ᠳᠠᠭᠠᠨ ᠠᠵᠢᠯ ᠣᠯᠵᠤ ᠠᠰᠢᠭ ᠣᠷᠣᠯᠭ᠎ᠠ ᠪᠠᠨ ᠨᠡᠮᠡᠭᠳᠡᠬᠦᠯᠦᠭᠰᠡᠨ ᠪᠠᠶᠢᠯ᠎ᠠ᠃    ᠠᠵᠤ ᠦᠢᠯᠡᠰ ᠤᠨ ᠲᠣᠭᠲᠠᠭᠤᠨ ᠢᠶᠠᠷ ᠬᠦᠭᠵᠢᠬᠦ ᠶᠢ ᠲᠠᠭᠠᠯᠳᠤᠭᠠᠳ᠂ ᠪᠢᠶᠠᠨ ᠴᠢᠶᠠᠩ ᠲᠣᠰᠬᠤᠨ ᠨᠢ ᠰᠢᠯᠢᠳᠡᠭ ᠰᠠᠶᠢᠨ ᠰᠠᠭᠤᠷᠢ ᠲᠥᠬᠦᠭᠡᠷᠦᠮᠵᠢ ᠪᠠ ᠪᠠᠶᠢᠭᠠᠯᠢ ᠶᠢᠨ ᠳᠠᠪᠠᠭᠤᠯᠢᠭ ᠲᠠᠭᠠᠨ ᠲᠦᠰᠢᠭᠯᠡᠨ᠂ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠦᠢᠯᠡᠰ ᠢ ᠬᠦᠭᠵᠢᠬᠦᠯᠦᠨ ᠪᠤᠵᠠᠭᠠᠶᠢᠷᠠᠭᠤᠯᠵᠦ ᠢᠷᠡᠭᠰᠡᠨ ᠪᠠᠶᠢᠨ᠎ᠠ᠃    ᠢᠦᠶ ᡁᠢ ᠪᠢᠨ᠄ ︽ᠬᠥᠳᠡᠭᠡ ᠲᠣᠰᠬᠤᠨ ᠤ ᠵᠢᠭᠤᠯᠴᠢᠯᠠᠯ ᠢ ᠬᠦᠭᠵᠢᠬᠦᠯᠬᠦ ᠲᠠᠯ᠎ᠠ ᠪᠠᠷ ᠪᠢᠳᠡ ᠪᠠᠰᠠ ᠮᠠᠰᠢ ᠣᠯᠠᠨ ᠠᠷᠭ᠎ᠠ ᠬᠡᠮᠵᠢᠶ᠎ᠡ ᠠᠪᠴᠤ᠂ ᠬᠦᠴᠦᠨ ᠴᠢᠳᠠᠯ ᠲᠠᠢ ᠠᠵᠤ ᠠᠬᠤᠶᠢᠯᠠᠯ ᠢ ᠢᠳᠡᠪᠬᠢᠲᠡᠶ ᠪᠠᠷ ᠤᠷᠢᠵᠤ ᠤᠷᠤᠭᠤᠯᠤᠭᠰᠠᠨ᠂ ᠵᠢᠱᠢᠶᠡᠯᠡᠪᠡᠯ ᠮᠠᠨ ᠤ ᠲᠤᠰᠬᠤᠨ ᠤ ᠴᠠᠨ᠎ᠠ ᠴᠡᠴᠡᠭ ᠤᠨ ᠬᠦᠷᠢᠶᠡᠯᠡᠩ᠂ ᠰᠢ ᠱᠠᠨ ᠴᠡᠴᠡᠷᠯᠢᠭ ᠨᠢ ᠨᠢᠭᠡᠨᠲᠡ ︿ᠲᠠᠶᠢᠹᠦᠰᠧ ᠬᠤᠰᠢᠭᠤᠨ ᠤ ᠵᠢᠭᠤᠯᠴᠢᠯᠠᠯ﹀᠎ ᠤᠨ ᠬᠠᠯᠠᠮᠰᠢᠯ ᠴᠡᠭ ᠪᠣᠯᠵᠣ᠂ ᠡᠨᠡ ᠵᠢᠯ  ᠎ ᠤᠨ ᠵᠢᠭᠤᠯᠴᠢᠯᠠᠭᠴᠢ ᠶᠢᠨ ᠲᠤᠭ᠎ᠠ ᠨᠢᠭᠡᠨᠲᠡ ᠭᠤᠷᠪᠠᠨ ᠲᠦᠮᠡᠨ ᠬᠥᠮᠦᠨ ᠤᠳᠠᠭ᠎ᠠ ᠶᠢ ᠲᠠᠪᠠᠵᠠᠢ︾  ᠃    ᠨᠡᠯᠢᠶᠡᠳ ᠪᠣᠯᠪᠠᠰᠤᠷᠠᠩᠭᠤᠶ ᠪᠤᠯᠤᠭᠰᠠᠨ ᠠᠵᠤ ᠦᠢᠯᠡᠰ ᠤᠨ ᠲᠦᠷᠦᠯ ᠵᠦᠢᠯ ᠤᠨ ᠲᠠᠶᠢᠴᠢᠯᠠᠭ᠎ᠠ ᠳᠣᠣᠷ᠎ᠠ᠂ ᠪᠢᠶᠠᠨ ᠴᠢᠶᠠᠩ ᠲᠣᠰᠬᠤᠨ ᠤ ᠬᠢᠨ ᠰᠢᠨ᠎ᠡ ᠠᠵᠠ ᠲᠣᠬᠢᠶᠠᠯ ᠢ ᠡᠵᠡᠮᠳᠡᠨ᠂ ᠰᠢᠨ᠎ᠡ ᠬᠥᠭᠵᠢᠯᠲᠡ ᠶᠢᠨ ᠵᠠᠮ ᠢ ᠬᠠᠶᠢᠵᠤ᠂ ᠰᠢᠨ᠎ᠡ ᠲᠦᠷᠦᠯ ᠵᠦᠢᠯ ᠢ ᠣᠷᠣᠭᠤᠯᠤᠨ᠂  ᠠᠰᠢᠭ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠢᠷᠡᠪᠡ᠃    ᠢᠦᠢ ᡁᠢ ᠪᠢᠨ᠄ ︽ᠪᠢᠳᠡ ᠪᠡᠭᠡᠵᠢᠩ ᠤᠨ ᠠᠵᠤ ᠠᠬᠤᠶᠢᠯᠠᠯ ᠲᠠᠢ ᠢᠳᠡᠪᠬᠢᠲᠡᠢ ᠬᠠᠷᠢᠴᠠᠵᠤ ᠪᠠᠶᠢᠭᠠᠳ ᠵᠦᠩ ᠬᠠᠨ ᠰᠠᠷᠭᠠᠢ ᠴᠡᠴᠡᠭ ᠲᠠᠷᠢᠬᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠲᠣᠰᠬᠤᠨ ᠤ  ᠎ ᠪᠠᠨ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ ᠲᠣᠰᠬᠤᠨ ᠤ ᠠᠷᠠᠳ ᠲᠠᠭᠠᠨ ᠪᠠᠰᠠ ᠪᠠᠭ᠎ᠠ ᠪᠤᠰᠤ ᠠᠰᠢᠭ ᠣᠷᠣᠯᠭ᠎ᠠ ᠤᠯᠭᠤᠵᠠᠢ᠃ ᠵᠠᠯᠭᠠᠭᠠᠳ ᠮᠠᠨ ᠤ ᠠᠵᠢᠯᠯᠠᠬᠤ ᠠᠩᠬᠢ ᠪᠣᠯᠤᠨ ᠲᠣᠰᠬᠤᠨ ᠤ ᠬᠤᠶᠠᠷ ᠵᠥᠪᠯᠡᠯ ᠨᠢ ᠡᠳᠡᠭᠡᠷ ᠲᠦᠷᠦᠯ ᠵᠦᠢᠯ ᠤᠨ ᠬᠡᠷᠡᠭᠵᠢᠭᠦᠯᠦᠯᠲᠡ ᠶᠢ ᠰᠠᠶᠢᠳᠤᠷ ᠠᠩᠬᠠᠷᠴᠤ᠂ ᠣᠷᠣᠰᠢᠵᠤ ᠪᠠᠶᠢᠭ᠎ᠠ ᠬᠦᠴᠢᠷᠳᠡᠯ ᠢ ᠰᠢᠢᠳᠪᠦᠷᠢᠯᠡᠨ᠂ ᠪᠢᠶᠠᠨ ᠴᠢᠶᠠᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠴᠢᠳᠠᠯ ᠢᠶᠠᠨ ᠡᠷᠭᠦᠨ᠎ᠡ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号