ᠲᠡᠮᠦᠷ ᠵᠠᠮ ᠤᠨ ᠪᠦᠳᠦᠬᠡᠨ ᠪᠠᠶᠢᠭᠤᠯᠤᠯᠳᠠ ᠶᠢ ᠬᠠᠷᠰᠢᠯᠠᠬᠤ ᠪᠠ ᠠᠮᠢ ᠠᠬᠤᠢ ᠶᠢᠨ ᠲᠥᠷᠥᠯ ᠵᠦᠢᠯ ᠤᠨ ᠤᠷᠤᠨ ᠢ ᠡᠪᠳᠡᠬᠦ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/7/4
  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠦᠭᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ ᠶᠢ ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠢ ᠦᠨᠳᠦᠰᠦᠯᠡᠨ᠂ ᠲᠡᠮᠦᠷ ᠵᠠᠮ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠵᠣᠷᠢᠭᠤᠳᠠ ᠬᠠᠷᠰᠢᠯᠠᠬᠤ ᠪᠠ ᠭᠤᠣᠯᠳᠠᠯᠭ᠎ᠠ ᠲᠠᠢ ᠠᠮᠢ ᠠᠬᠤᠶ ᠶᠢᠨ ᠲᠥᠷᠥᠯ ᠵᠦᠢᠯ ᠤᠨ ᠣᠷᠣᠨ ᠳᠤ ᠡᠪᠳᠡᠯᠭᠡ ᠬᠢᠬᠦ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠬᠦ ᠲᠤᠬᠠᠢ ᠳᠣᠤᠷᠠᠬᠢ ᠮᠡᠲᠦ ᠵᠠᠷᠯᠠᠨ ᠮᠡᠳᠡᠭᠳᠡᠰᠦᠬᠡᠢ᠄        ᠨᠢᠭᠡ᠂  ᠎ ᠲᠠᠢ ᠽᠢ ᠴᠧᠩ ᠬᠦᠷᠬᠦ ᠲᠡᠮᠦᠷ ᠵᠠᠮ ᠪᠣᠯ ᠤᠯᠤᠰ ᠤᠨ ᠵᠦᠪᠰᠢᠶᠡᠷᠡᠯ ᠲᠠᠢ ᠪᠠᠷ ᠪᠠᠶᠢᠭᠤᠯᠤᠭᠰᠠᠨ ᠮᠤᠵᠢ ᠠᠯᠤᠰᠯᠠᠭᠰᠠᠨ ᠴᠢᠬᠤᠯᠠ ᠵᠠᠮ ᠬᠠᠷᠢᠯᠴᠠᠭᠠᠨ ᠤ ᠢᠨᠵᠧᠨᠧᠷᠢᠩ ᠪᠣᠯᠤᠨ᠎ᠠ᠃  ᠲᠦᠰᠦᠪ ᠲᠦᠯᠦᠪᠯᠡᠭᠡ ᠶᠢ ᠦᠨᠳᠦᠰᠦᠯᠡᠪᠡᠯ᠂ ᠲᠠᠶᠢᠹᠤᠰᠧ ᠬᠤᠰᠢᠭᠤᠨ ᠤ ᠬᠢᠯᠢ ᠳᠣᠲᠣᠷ᠎ᠠ ᠰᠢᠷᠤᠢ ᠠᠪᠬᠤ ᠲᠠᠯᠠᠪᠠᠢ ᠪᠠᠶᠢᠭᠤᠯᠵᠤ᠂  ᠲᠠᠶᠢᠹᠤᠰᠧ ᠬᠤᠰᠢᠭᠤ ᠪᠤᠯᠤᠨ ᠵᠠᠬ᠎ᠠ ᠨᠡᠶᠢᠯᠡᠵᠦ ᠪᠠᠶᠢᠭ᠎ᠠ ᠾᠧᠪᠸᠢ ᠮᠤᠵᠢ᠂ ᠰᠢᠯᠤᠭᠤᠨ ᠬᠦᠬᠡ ᠬᠤᠰᠢᠭᠤᠨ ᠳᠠᠬᠢ ᠲᠡᠮᠦᠷ ᠵᠠᠮ ᠎ ᠤᠨ ᠰᠠᠭᠤᠷᠢ ᠲᠠᠯᠪᠢᠬᠤ ᠳᠤ ᠭᠡᠷᠡᠭᠯᠡᠬᠦ ᠰᠢᠷᠤᠢ ᠶᠢᠨ ᠮᠠᠲ᠋ᠧᠷᠢᠶᠠᠯ ᠢ ᠬᠠᠩᠭᠠᠬᠤ ᠪᠤᠯᠤᠨ᠎ᠠ᠃ ᠲᠡᠮᠦᠷ ᠵᠠᠮ ᠢ ᠠᠮᠵᠢᠯᠳᠠᠳᠠᠢ ᠪᠠᠶᠢᠭᠤᠯᠵᠤ ᠤᠷᠤᠭᠰᠢᠳᠠᠢ ᠨᠡᠪᠳᠡᠷᠡᠬᠦᠯᠬᠦ ᠶᠢᠨ ᠲᠦᠯᠦᠭᠡ᠂ ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠢ ᠨᠠᠰᠢ ᠴᠠᠰᠢ ᠦᠩᠭᠡᠷᠡᠬᠦ ᠲᠡᠭᠡᠭᠡᠪᠦᠷᠢ ᠶᠢᠨ ᠲᠡᠷᠭᠡ ᠬᠥᠰᠬᠡ ᠶᠢ ᠵᠤᠷᠢᠯᠭ᠎ᠠ ᠲᠠᠢ ᠪᠠᠷ  ᠬᠠᠰᠢᠵᠤ ᠬᠤᠷᠢᠭᠯᠠᠵᠦ ᠪᠤᠯᠬᠤ ᠦᠭᠡᠢ᠂ ᠪᠠᠷᠢᠯᠭ᠎ᠠ ᠶᠢᠨ ᠠᠵᠢᠯ ᠢ ᠬᠠᠷᠰᠢᠯᠠᠵᠤ ᠨᠦᠯᠦᠬᠡᠯᠡᠪᠡᠯ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠴᠢᠩᠭ᠎ᠠ ᠰᠢᠳᠬᠡᠨ᠎ᠡ᠃   ᠬᠤᠶᠠᠷ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠢ ᠰᠠᠶᠢᠨ ᠬᠢᠵᠦ᠂ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠢ ᠤᠮᠠᠷᠠᠲᠤ ᠬᠢᠯᠢ ᠶᠢᠨ ᠪᠠᠲᠤ ᠪᠠᠬᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠡᠭᠦᠷᠭᠡ ᠪᠣᠯᠤᠨ᠎ᠠ᠃ ᠠᠮᠢ ᠠᠬᠤᠶ ᠶᠢᠨ ᠲᠥᠷᠥᠯ ᠵᠦᠢᠯ ᠤᠨ ᠣᠷᠣᠨ ᠢ ᠬᠠᠮᠠᠭᠠᠯᠠᠵᠤ᠂ ᠭᠤᠤᠯᠳᠠᠯᠭ᠎ᠠ ᠲᠠᠢ ᠠᠮᠢ ᠠᠬᠤᠶ ᠶᠢᠨ ᠲᠥᠷᠥᠯ ᠵᠦᠢᠯ ᠤᠨ ᠪᠠᠶᠢᠭᠤᠯᠤᠯᠲᠠ ᠶᠢ ᠳᠡᠮᠵᠢᠬᠦ  ᠎ ᠨᠢ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠶᠤᠮ᠂ ᠶᠠᠮᠠᠷᠪᠠ ᠬᠥᠮᠦᠨ ᠶᠠᠮᠠᠷᠪᠠ ᠠᠷᠭ᠎ᠠ ᠮᠠᠶ᠋ᠢᠭ ᠢᠶᠠᠷ ᠲᠦᠷᠦᠯ ᠵᠦᠢᠯ ᠤᠨ ᠤᠷᠤᠨ ᠳᠤ ᠡᠪᠳᠡᠯᠭᠡ ᠬᠢᠵᠦ ᠪᠣᠯᠬᠤ ᠦᠭᠡᠶ᠃ ᠢᠳᠬᠠᠯ ᠬᠤᠷᠢᠭᠯᠠᠯ ᠢ ᠰᠣᠨᠣᠰᠬᠤ ᠦᠭᠡᠢ ᠪᠠᠷ ᠠᠮᠢ ᠠᠬᠤᠶ ᠶᠢᠨ ᠲᠥᠷᠥᠯ ᠵᠦᠢᠯ ᠤᠨ ᠣᠷᠣᠨ ᠳᠤ ᠮᠠᠯ ᠪᠡᠯᠴᠢᠭᠡᠷᠯᠡᠬᠦᠯᠪᠡᠯ ᠬᠤᠰᠢᠭᠤ ᠵᠠᠰᠠᠭ ᠤᠨ ᠣᠷᠳᠣᠨ ᠪᠠ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠠᠴᠠ ᠬᠠᠤᠯᠢ ᠲᠦᠷᠢᠮ ᠤᠨ ᠲᠠᠭᠠᠤ ᠴᠢᠩᠭ᠎ᠠ ᠰᠢᠳᠬᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠫᠠᠶᠢᠰᠠ ᠢᠯᠡᠷᠭᠡᠶᠢᠯᠡᠯ᠂ ᠲᠤᠤᠷ ᠬᠦᠷᠢᠶ᠎ᠡ᠂  ᠱᠤᠩ ᠪᠠᠭᠠᠨ᠎ᠠ ᠵᠡᠷᠭᠡ ᠲᠦᠬᠦᠭᠡᠷᠦᠮᠵᠢ ᠶᠢ ᠵᠣᠷᠢᠭᠤᠳᠠ ᠡᠪᠳᠡᠨ ᠰᠦᠢᠳᠬᠡᠪᠠᠯ ᠴᠢᠩᠭ᠎ᠠ ᠰᠢᠳᠬᠡᠵᠦ᠂  ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠭᠤᠷᠪᠠ᠂ ᠰᠦᠯᠵᠢᠶ᠎ᠡ ᠬᠤᠯᠪᠤᠭ᠎ᠠ ᠴᠤ ᠭᠡᠰᠡᠨ ᠬᠠᠤᠯᠢ ᠶᠢᠨ ᠭᠠᠳᠠᠨᠠᠬᠢ ᠭᠠᠵᠠᠷ ᠪᠢᠰᠢ ᠶᠤᠮ᠂ ᠰᠦᠯᠵᠢᠶ᠎ᠡ ᠬᠤᠯᠪᠤᠭ᠎ᠠ ᠪᠠᠷ ᠲᠠᠮᠵᠢᠨ ᠦᠨᠡᠨ ᠪᠣᠳᠠᠲᠠᠶ ᠪᠤᠰᠤ ᠮᠡᠳᠡᠭᠡ ᠵᠠᠩᠭᠢ ᠨᠡᠶᠢᠲᠡᠯᠡᠬᠦ᠂ ᠴᠤᠤᠷᠬᠠᠯ ᠲᠠᠯᠪᠢᠬᠤ᠂ ᠴᠤᠤᠷᠬᠠᠯ ᠲᠠᠷᠬᠠᠭᠠᠬᠤ᠂ ᠪᠤᠰᠤᠳ ᠢ ᠭᠦᠳᠬᠡᠬᠦ᠂ ᠣᠯᠠᠨ ᠲᠦᠮᠡᠨ ᠢ ᠥᠳᠥᠭᠡᠬᠦ ᠪᠤᠶᠤ ᠵᠣᠬᠢᠶᠠᠨ ᠪᠠᠶᠢᠭᠤᠯᠵᠤ ᠬᠡᠷᠡᠭ ᠡᠳᠦᠬᠦ ᠎ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠳᠬᠡᠵᠦ᠂ ᠶᠠᠯᠠᠳᠤ ᠠᠵᠢᠯᠯᠠᠭ᠎ᠠ ᠪᠤᠯᠤᠭᠰᠠᠨ  ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠥᠷᠪᠡ᠂ ᠡᠯ᠎ᠡ ᠱᠠᠲᠤᠨ ᠤ ᠺᠠᠳ᠋ᠷ ᠠᠵᠢᠯᠳᠠᠨ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠯᠪᠠᠨ ᠵᠠᠷᠯᠠᠯ ᠤᠨ ᠱᠠᠭᠠᠷᠳᠠᠯᠭ᠎ᠠ ᠶᠢ ᠲᠦᠷᠦᠭᠦᠯᠡᠨ ᠵᠢᠷᠤᠮᠯᠠᠬᠤ ᠬᠡᠷᠡᠭᠲᠡᠶ᠃ ᠬᠦᠰᠢᠭᠡ ᠶᠢᠨ ᠠᠷᠤ ᠠᠴᠠ ᠪᠤᠰᠤᠳ ᠢ ᠵᠢᠭᠠᠵᠤ ᠳᠣᠬᠢᠵᠤ ᠪᠠᠶᠢᠭᠠᠳ ᠬᠠᠤᠯᠢ ᠪᠤᠰᠤ ᠠᠵᠢᠯᠯᠠᠭ᠎ᠠ ᠬᠢᠯᠭᠡᠭᠰᠡᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠰᠠᠬᠢᠯᠭ᠎ᠠ ᠲᠦᠷᠢᠮ ᠤᠨ ᠲᠠᠭᠠᠤ ᠴᠢᠩᠭ᠎ᠠ ᠰᠢᠢᠳᠪᠦᠷᠢᠯᠡᠨ᠎ᠡ᠃    ᠣᠨᠴᠠᠭᠠᠶᠢᠯᠠᠨ ᠵᠠᠷᠯᠠᠪᠠ                                                 ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                                        2024 ᠣᠨ ᠤ 7 ᠰᠠᠷ᠎ᠠ ᠶᠢᠨ 2᠎ ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号