ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠭᠠᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ | ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ 2024 ᠣᠨ ᠤ 8 ᠰᠠᠷ᠎ᠠ ᠶᠢᠨ 1 ᠤ ᠡᠳᠦᠷ ᠠᠴᠠ | ᠡᠬᠢᠯᠡᠨ ᠭᠡᠷᠡᠭᠵᠢᠬᠦᠯᠬᠦ ᠪᠠᠷ ᠪᠤᠯᠵᠠᠢ᠃ | ᠣᠶᠢᠯᠠᠭᠠᠭᠰᠠᠨ ᠢᠶᠠᠷ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠨᠢ ᠨᠡᠶᠢᠲᠡ 13 ᠵᠤᠷᠪᠤᠰ | ᠪᠠᠶᠢᠵᠤ᠂ ᠭᠤᠤᠯᠳᠠᠭᠤ ᠭᠤᠷᠪᠠᠨ ᠲᠠᠯ᠎ᠠ ᠶᠢᠨ ᠬᠤᠪᠢᠷᠠᠯᠲᠠ ᠶᠢ ᠢᠯᠡᠷᠡᠭᠦᠯᠵᠡᠶ᠃ ᠨᠢᠭᠡ ᠳᠤ ᠳᠠᠭᠠᠳᠬᠠᠯ ᠳᠤ | ᠣᠷᠣᠯᠴᠠᠬᠤ ᠬᠦᠷᠢᠶ᠎ᠡ ᠬᠡᠪᠴᠢᠶ᠎ᠡ ᠶᠢ ᠥᠷᠭᠡᠳᠬᠡᠪᠡ᠃ ᠬᠤᠲᠠ ᠪᠠᠯᠭᠠᠰᠤᠨ ᠤ ᠠᠵᠤ ᠠᠬᠤᠶᠢᠯᠠᠯ ᠢ ᠠᠵᠤ ᠠᠬᠤᠶᠢᠯᠠᠯ | ᠪᠣᠯᠭᠠᠨ ᠥᠷᠭᠡᠳᠬᠡᠵᠦ᠂ ᠬᠠᠤᠯᠢ ᠶᠣᠰᠣᠭᠠᠷ ᠲᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠲᠡᠭᠦᠨ ᠤ ᠠᠵᠢᠯᠲᠠᠨ᠂ ᠬᠥᠯᠥᠰᠥᠨ ᠠᠵᠢᠯᠴᠢᠨ ᠭᠡᠷᠡᠭᠯᠡᠵᠦ ᠪᠠᠶᠢᠭ᠎ᠠ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ | ᠪᠠ ᠲᠡᠬᠦᠨ ᠤ ᠬᠥᠯᠥᠰᠥᠨ ᠠᠵᠢᠯᠴᠢᠨ ᠢ ᠪᠦᠬᠦᠨ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠤᠷᠤᠭᠤᠯᠵᠠᠢ᠃ | ᠬᠤᠶᠠᠷ ᠲᠤ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠤᠯᠤᠰ ᠤᠨ ᠲᠣᠭᠲᠠᠭᠠᠭᠰᠠᠨ | ᠬᠡᠪᠴᠢᠶᠡᠨ ᠳᠣᠲᠣᠷ᠎ᠠ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ 5% ᠪᠠᠷ ᠳᠡᠭᠡᠭᠰᠢᠯᠡᠭᠦᠯᠬᠦ ᠶᠢᠨ ᠬᠠᠮᠲᠤ ᠨᠠᠰᠤ ᠠᠬᠢᠭᠰᠠᠨ ᠠᠵᠢᠯ | ᠠᠯᠳᠠᠭᠰᠠᠳ ᠪᠣᠯᠤᠨ ᠡᠷ᠎ᠡ ᠡᠮ᠎ᠡ ᠬᠤᠶᠠᠷ ᠬᠤᠶᠠᠭᠤᠯᠠ ᠪᠠᠨ ᠠᠵᠢᠯ ᠠᠯᠳᠠᠭᠰᠠᠳ ᠤᠨ ᠣᠨᠴᠣᠭᠤᠶ ᠬᠦᠴᠢᠷᠳᠡᠯ ᠢ | ᠪᠣᠳᠣᠯᠬᠢᠯᠠᠵᠤ᠂ ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ ᠪᠠᠰᠠ 3 % ᠪᠠᠷ ᠨᠡᠮᠡᠭᠳᠡᠬᠦᠯᠵᠡᠢ᠃ ᠭᠤᠷᠪᠠ ᠳᠤ | ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠪᠠ᠃ ᠠᠵᠢᠯ ᠠᠯᠳᠠᠯᠲᠠ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠵᠦᠢᠯᠡᠰ ᠢ ᠲᠦᠷᠢᠮᠵᠢᠬᠦᠯᠵᠦ᠂ ᠠᠵᠢᠯ ᠠᠯᠳᠠᠯᠲᠠ ᠶᠢᠨ | ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠶ | ᠲᠦᠯᠦᠪᠵᠢᠬᠦᠯᠬᠦ ᠶᠢ ᠲᠤᠳᠤᠷᠬᠠᠶᠢᠯᠠᠭᠰᠠᠨ ᠪᠦᠭᠡᠳ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ | ᠪᠠᠶᠢᠭ᠎ᠠ ᠬᠥᠮᠦᠰ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ | ᠳᠠᠭᠠᠳᠬᠠᠯ ᠢ ᠪᠠᠭᠲᠠᠭᠠᠨ᠎ᠠ︶ ᠤᠨ ᠰᠦᠢᠳᠬᠡᠯ ᠢ ᠣᠷᠣᠯᠠᠨ ᠲᠤᠰᠢᠶᠠᠨ᠎ᠠ᠂ ᠬᠠᠷᠢᠨ ᠬᠤᠪᠢ ᠬᠥᠮᠦᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠤᠨ ᠰᠦᠢᠳᠬᠡᠯ ᠲᠤᠰᠢᠶᠠᠬᠤ ᠦᠭᠡᠢ | ᠭᠡᠳᠡᠭ ᠢ ᠲᠤᠳᠤᠷᠬᠠᠶᠢᠯᠠᠭᠰᠠᠨ ᠪᠠᠶᠢᠨ᠎ᠠ᠃ |