ᠯᠢ ᠴᠦᠨ ᠭᠤᠸᠠᠩ ᠪᠤᠤᠴᠠᠩ ᠪᠠᠯᠭᠠᠰᠤᠨ ᠤ ᠰᠢᠶᠠᠩ ᠶᠠᠩ ᠲᠣᠰᠬᠤᠨ ᠳᠤ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/4
  ᠣᠶᠢᠷ᠎ᠠ ᠳᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠪᠤᠤᠴᠠᠩ ᠪᠠᠯᠭᠠᠰᠤᠨ ᠤ ᠰᠢᠶᠠᠩ ᠶᠠᠩ ᠲᠣᠰᠬᠤᠨ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠵᠠᠢ᠃  ᠡᠨᠡ ᠤᠳᠠᠭᠠᠨ ᠤ ᠨᠠᠮ ᠤᠨ ᠬᠢᠴᠢᠶᠡᠯ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠲᠠᠢ ᠤᠶᠠᠯᠳᠤᠭᠤᠯᠤᠨ᠂ ᠨᠠᠮ ᠤᠨ ᠰᠠᠬᠢᠯᠭ᠎ᠠ ᠪᠠᠲᠤ ᠶᠢᠨ ᠴᠢᠬᠤᠯᠠ ᠠᠴᠢ ᠬᠤᠯᠪᠣᠭᠳᠠᠯ  ᠪᠠ ᠭᠤᠤᠯ ᠠᠭᠤᠯᠭ᠎ᠠ᠂ ᠨᠠᠮ ᠤᠨ ᠰᠠᠬᠢᠯᠭ᠎ᠠ ᠪᠠᠲᠤ ᠶᠢ ᠵᠥᠷᠢᠴᠡᠭᠰᠡᠨ ᠬᠤᠤᠷ ᠬᠥᠨᠥᠭᠡᠯ ᠤᠨ ᠵᠠᠳᠠᠯᠤᠯᠲᠠ ᠵᠢᠴᠢ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ︾ ᠵᠡᠷᠭᠡ ᠰᠡᠳᠦᠪ  ᠤᠨ ᠲᠣᠭᠤᠷᠢᠨ ᠳᠤ ᠣᠯᠠᠨ ᠲᠠᠢ ᠰᠠᠨᠠᠯ ᠢᠶᠠᠨ ᠰᠣᠯᠢᠯᠴᠠᠨ ᠤᠯᠤᠯᠳᠠ ᠪᠠᠨ ᠬᠤᠪᠢᠶᠠᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ᠂ ᠭᠤᠤᠯ ᠠᠭᠤᠯᠭ᠎ᠠ ᠵᠢᠴᠢ ᠪᠣᠳᠠᠲᠠᠶ ᠠᠷᠭ᠎ᠠ ᠬᠡᠮᠵᠢᠶ᠎ᠡ ᠶᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠯᠢ ᠴᠦᠨ ᠭᠤᠸᠠᠩ ᠠᠴᠠ᠂ ᠨᠠᠮ ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠦᠮᠦᠵᠢᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠦᠨᠡᠨ ᠬᠦ  ᠪᠠᠳᠠᠷᠠᠭᠤᠯᠤᠨ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠬᠦᠨᠳᠦᠳᠬᠡᠵᠦ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ︽ᠭᠤᠷᠪᠠᠨ ᠬᠤᠷᠠᠯ ᠨᠢᠭᠡ ᠬᠢᠴᠢᠶᠡᠯ︾  ᠭᠤᠣᠯ ᠰᠡᠳᠦᠪᠲᠦ ᠨᠠᠮ ᠤᠨ ᠡᠳᠦᠷ ᠵᠡᠷᠭᠡ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠤᠯᠠᠮ ᠲᠥᠪ ᠴᠢᠩᠭ᠎ᠠ ᠪᠤᠯᠭᠠᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠬᠦᠴᠦᠲᠡᠢ ᠠᠬᠢᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠨ᠂ ᠨᠠᠮ ᠤᠨ ᠰᠠᠬᠢᠯᠭ᠎ᠠ ᠪᠠᠲᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂  ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠬᠦᠨᠳᠦᠳᠭᠡᠨ᠂ ᠬᠤᠷᠢᠭ᠎ᠠ ᠱᠤᠭᠤᠮ ᠤᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠴᠠᠭ ᠢᠮᠠᠭᠲᠠ ᠨᠠᠮ ᠤᠨ ᠲᠦᠷᠢᠮ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠪᠣᠯᠭᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠯᠢ ᠴᠦᠨ ᠭᠤᠸᠠᠩ ᠪᠠᠰᠠ ᠲᠣᠰᠬᠤᠨ ᠤ ︽ᠬᠤᠶᠠᠷ ᠵᠥᠪᠯᠡᠯ︾  ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠭᠡᠰᠢᠬᠦᠳ ᠲᠠᠢ ᠶᠠᠷᠢᠯᠴᠠᠵᠤ᠂  ᠬᠠᠮᠲᠤ ᠶᠢᠨ ᠠᠵᠤ ᠠᠬᠤᠢ ᠶᠢᠨ ᠬᠥᠭᠵᠢᠯᠲᠡ᠂  ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂  ᠨᠠᠮ ᠤᠨ ᠡᠭᠦᠷ ᠤᠨ ᠴᠤᠭᠴᠠᠯᠠᠯᠳᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠬᠦᠴᠢᠷᠳᠡᠯ  ᠪᠠ ᠠᠰᠠᠭᠤᠳᠠᠯ ᠤᠨ ᠲᠤᠬᠠᠢ ᠵᠢᠯᠣᠭᠤᠳᠬᠤ ᠰᠠᠨᠠᠯ ᠳᠤᠷᠠᠳᠴᠠᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号