ᠲᠠᠶᠢᠹᠤᠰᠧ ᠬᠤᠰᠢᠭᠤᠨ ᠤ ᠬᠢᠨ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠬᠢᠭᠰᠡᠨ
ᠨᠡᠶᠢᠲᠡᠯᠡᠭᠰᠡᠨ ᠴᠠᠭ᠄
2024/7/4
 7 ᠰᠠᠷ᠎ᠠ ᠶᠢᠨ 3 ᠤ ᠡᠳᠦᠷ᠂ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ᠂  ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠠᠮᠲᠤᠷᠠᠨ ᠵᠡᠮᠳᠡᠭᠴᠦᠳ ᠢ  ᠨᠠᠷᠢᠯᠢᠭ ᠤᠨᠤᠪᠴᠢᠳᠠᠢ ᠡᠷᠡᠭᠦᠯᠵᠢᠭᠦᠯᠬᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠬᠤᠩ ᠴᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ᠂ ᠠᠵᠢᠯᠲᠠᠳ ᠡᠮᠨᠡᠭᠦᠯᠬᠦ ᠪᠠᠷ ᠢᠷᠡᠭᠰᠡᠨ ᠵᠡᠮᠳᠡᠭᠴᠤᠳ ᠢ ᠨᠢᠭᠡᠳ ᠨᠢᠭᠡ ᠪᠠᠷ ᠬᠦᠯᠢᠶᠡᠨ ᠠᠪᠴᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠡᠪᠡᠳᠴᠢᠨ ᠤ ᠲᠡᠦᠬᠡ ᠶᠢ ᠠᠰᠠᠭᠤᠵᠤ ᠤᠶᠢᠯᠠᠭᠠᠬᠤ ᠶᠢᠨ ᠬᠠᠮᠳᠤ᠂ ᠲᠡᠳᠡᠨ ᠳᠤ ᠴᠢᠰᠤᠨ ᠳᠠᠷᠤᠯᠲᠠ ᠬᠡᠮᠵᠢᠬᠦ᠂ ᠵᠡᠭᠦᠦ ᠲᠥᠭᠡᠨᠡᠯᠭᠡ᠂ ᠹᠢᠽᠢᠺ ᠤᠨ ᠵᠠᠰᠠᠯ᠂  ᠢᠯᠢᠵᠦ ᠨᠤᠬᠤᠯᠠᠬᠤ  ᠵᠡᠷᠭᠡ ᠤᠯᠠᠨ ᠵᠦᠢᠯ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠦᠨ᠎ᠡ ᠲᠦᠯᠦᠪᠦᠷᠢ ᠦᠭᠡᠢ ᠪᠠᠷ ᠬᠠᠩᠭᠠᠵᠤ᠂ ᠡᠷᠡᠭᠦᠯᠵᠢᠯ ᠤᠨ ᠳᠠᠩᠰᠠ ᠡᠪᠬᠡᠮᠡᠯ ᠪᠠᠶᠢᠭᠤᠯᠵᠤ ᠦᠭᠬᠦᠭᠰᠡᠨ ᠪᠠᠶᠢᠨ᠎ᠠ᠃  ᠠᠵᠢᠯᠳᠠᠳ ᠠᠴᠠ ᠪᠠᠰᠠ ᠵᠡᠮᠳᠡᠭᠴᠦᠳ ᠢ ᠡᠷᠡᠭᠦᠯ ᠰᠠᠶᠢᠬᠠᠨ ᠠᠮᠢᠳᠤᠷᠠᠯ ᠤᠨ ᠳᠠᠳᠬᠠᠯ ᠲᠠᠢ ᠪᠤᠯᠬᠤ ᠶᠢ ᠵᠤᠷᠢᠬᠵᠢᠭᠤᠯᠵᠤ᠂ ᠢᠳᠡᠭᠡᠨ ᠤᠮᠳᠠᠭᠠᠨ᠂  ᠡᠷᠡᠬᠦᠯᠵᠢᠯ ᠰᠤᠪᠢᠯᠠᠯᠲᠠ ᠶᠢᠨ ᠲᠠᠯᠠᠪᠠᠷ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠶᠢ ᠲᠤᠷᠠᠳᠤᠨ᠂ ᠵᠡᠮᠳᠡᠭᠴᠦᠳ ᠢ ᠣᠶᠢᠯᠠᠭᠠᠬᠤ᠂  ᠵᠡᠮᠳᠡᠭᠴᠦᠳ ᠢ ᠬᠠᠯᠠᠮᠵᠢᠯᠠᠬᠤ᠂  ᠵᠡᠮᠳᠡᠭᠴᠦᠳ ᠢ ᠬᠦᠨᠳᠦᠳᠬᠡᠬᠦ᠂  ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠵᠠᠢ᠃ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭ  ᠬᠦᠮᠦᠰ ᠤᠨ ᠭᠡᠷ ᠲᠤᠨᠢ ᠬᠦᠷᠴᠦ  ᠡᠷᠡᠬᠦᠯ ᠮᠡᠨᠳᠦ ᠶᠢᠨ ᠪᠣᠯᠪᠠᠰᠤᠷᠠᠯ ᠪᠠ ᠵᠢᠯᠣᠭᠤᠳᠣᠯᠭ᠎ᠠ ᠬᠢᠵᠦ᠂ ᠬᠦᠮᠦᠨ ᠬᠥᠮᠦᠨ ᠤ ᠪᠠᠶᠢᠳᠠᠯ ᠳᠤᠨᠢ ᠳᠣᠭᠢᠷᠠᠭᠤᠯᠤᠨ ᠪᠣᠳᠠᠲᠠᠶ ᠦᠢᠯᠡᠴᠢᠯᠡᠭᠡ ᠬᠠᠩᠭᠠᠪᠠ᠃ ᠣᠶᠢᠯᠠᠭᠠᠭᠰᠠᠨ ᠢᠶᠠᠷ᠂   ᠡᠨᠡ  ᠤᠳᠠᠭᠠᠨ ᠤ ᠠᠵᠢᠯᠯᠠᠭ᠎ᠠ ᠶᠢ ᠪᠥᠬᠦ ᠬᠤᠰᠢᠭᠤᠨ ᠤ 13 ᠡᠷᠡᠭᠦᠯ ᠬᠠᠮᠠᠭᠠᠯᠠᠯ ᠤᠨ ᠬᠤᠷᠢᠶ᠎ᠠ ᠳᠤ ᠵᠠᠯᠭᠠᠭ᠎ᠠ ᠪᠠᠷ ᠥᠷᠨᠢᠭᠦᠯᠵᠦ᠂ ᠪᠥᠬᠦ ᠬᠤᠰᠢᠭᠤ ᠶᠢ ᠬᠠᠮᠤᠷᠤᠨ᠂ ᠨᠠᠷᠢᠯᠢᠭ ᠣᠨᠣᠴᠠᠲᠠᠶ ᠪᠠᠷ ᠦᠢᠯᠡᠴᠢᠯᠡᠵᠦ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠠᠵᠢᠯ ᠢ ᠨᠠᠷᠢᠯᠢᠭ ᠮᠦᠷᠳᠡᠭᠡᠨ ᠪᠣᠳᠠᠲᠠᠶ ᠬᠢᠵᠦ᠂ ᠵᠡᠮᠳᠡᠭᠴᠦᠳ ᠲᠤ ᠦᠨᠡᠨ ᠪᠣᠳᠠᠲᠠᠶ ᠡᠷᠡᠭᠦᠯᠵᠢᠯ ᠤᠨ ᠦᠢᠯᠡᠴᠢᠯᠡᠭᠡ  ᠬᠦᠷᠳᠡᠭᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号