ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/7/4
  7 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠣ᠋ ᠫᠧᠩ ᠵᠡᠷᠭᠡ ᠬᠦᠮᠦᠰ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ  ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠳᠡᠳ᠋ ᠡᠷᠬᠢᠯᠡᠭᠴᠢ ᠯᠢ ᠱᠣᠤ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠰᠦᠨ ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠦᠨᠪᠤᠯᠠᠭ ᠰᠤᠮᠤ᠂ ᠬᠦᠨᠪᠤᠯᠠᠭ ᠰᠤᠷᠭᠠᠭᠤᠯᠢ᠂ ᠲᠠᠶᠢᠹᠤᠰᠧ ᠬᠤᠰᠢᠭᠤᠨ ᠤ ᠮᠦᠽᠧᠢ᠂ ᠬᠠᠮ ᠵᠠᠭᠤᠴᠢᠯᠠᠭᠤᠷ ᠤᠨ ᠲᠥᠪ  ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠴᠡᠴᠡᠷᠯᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠲᠠᠩᠰᠠ ᠡᠪᠬᠡᠮᠡᠯ ᠢ ᠦᠵᠡᠬᠦ᠂ ᠰᠠᠨᠠᠯ ᠢᠶᠠᠨ ᠰᠣᠯᠢᠯᠴᠠᠬᠤ ᠬᠡᠯᠪᠡᠷᠢ ᠪᠠᠷ ᠬᠠᠮᠢᠶ᠎ᠠ ᠪᠦᠬᠦᠢ ᠠᠵᠢᠯ ᠤᠨ ᠪᠠᠶᠢᠳᠠᠯ ᠢ  ᠤᠶᠢᠯᠠᠭᠠᠭᠰᠠᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠬᠠᠷᠢᠭᠤ ᠮᠡᠳᠡᠭᠦᠯᠦᠯᠲᠡ ᠶᠢ ᠰᠤᠨᠤᠰᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠤᠯᠢᠯᠴᠠᠵᠤ ᠰᠠᠨᠠᠭᠤᠯᠭ᠎ᠠ ᠪᠠᠨ ᠳᠤᠷᠠᠳᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠬᠠᠭᠤᠯᠭ᠎ᠠ ᠬᠥᠮᠦᠵᠢᠯ ᠤᠨ ᠠᠷᠭ᠎ᠠ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠬᠦᠳᠦᠨ᠂ ᠲᠠᠶᠢᠹᠤᠰᠧ ᠬᠤᠰᠢᠭᠤᠨ ᠤ ᠪᠠᠨ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠲᠠᠶᠢᠹᠤᠰᠧ ᠬᠤᠰᠢᠭᠤᠨ ᠤ   ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠠᠪᠤᠳᠠᠯ ᠢ ᠡᠯ᠎ᠡ ᠲᠠᠯ᠎ᠠ ᠳᠤ ᠨᠠᠶᠢᠳᠠᠪᠤᠷᠢᠵᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ  ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号