ᠬᠠᠭᠤᠴᠢ  ᠪᠠᠭᠤᠷᠢ —  ᠸᠠ ᠹᠠᠩ ᠶᠢᠩᠽᠢ
ᠨᠡᠶᠢᠲᠡᠯᠡᠭᠰᠡᠨ ᠴᠠᠭ᠄
2024/7/4
  ᠸᠠᠭᠠᠷᠤᠨ ᠪᠠᠶᠢᠰᠢᠩᠳᠤ ᠲᠤᠰᠬᠤᠨ ᠭᠡᠰᠡᠨ ᠦᠬᠡ᠃ ᠪᠠᠳᠠᠷᠠᠭᠤᠯᠳᠤ ᠲᠦᠷᠦ ᠶᠢᠨ ᠦᠶ᠎ᠡ ᠳᠤ ᠴᠠᠬᠠᠷ ᠤᠨ ᠲᠤᠯᠤᠨᠨᠠᠭᠤᠷ ᠤᠷᠴᠢᠮ ᠢᠶᠠᠷ ᠱᠠᠨᠳᠦ᠋ᠩ ᠤᠨ ᠲᠡᠨᠦᠬᠦᠯ ᠠᠷᠠᠳ ᠢᠶᠠᠷ ᠪᠦᠷᠢᠯᠳᠦᠭᠰᠡᠨ ︽ᠵᠢᠭᠠᠰᠤᠨ ᠱᠠᠨᠳᠦ᠋ᠩ︾ ᠭᠡᠮᠡᠬᠦ ᠲᠡᠭᠡᠷᠡᠮ ᠪᠤᠰᠴᠤ᠂ ᠭᠠᠵᠠᠷ ᠤᠷᠤᠨ ᠢ  ᠶᠡᠭᠡᠪᠡᠷ ᠲᠦᠢᠪᠡᠭᠡᠨ᠂ ᠬᠠᠭᠠᠨ ᠲᠦᠷᠦ ᠠᠴᠠ ᠬᠡᠳᠦᠨ ᠤᠳᠠᠭ᠎ᠠ ᠴᠡᠷᠢᠭ ᠭᠠᠷᠭᠠᠵᠤ ᠲᠠᠷᠤᠩᠭᠤᠶᠢᠯᠠᠭᠰᠠᠨ ᠪᠤᠯᠪᠠᠴᠤ ᠲᠠᠷᠤᠵᠤ ᠲᠡᠶᠢᠯᠦᠭᠰᠡᠨ ᠦᠬᠡᠢ ᠪᠠᠶᠢᠪᠠ  ᠃  ᠲᠠᠶᠢᠹᠤᠰᠧ ᠵᠡᠬᠦᠨ ᠰᠦᠷᠦᠭ ᠤᠨ ᠬᠦᠯᠦ ᠴᠠᠭᠠᠨ ᠬᠤᠰᠢᠭᠤᠨ ᠤ ᠬᠤᠰᠠᠢ ᠳ᠋ᠠ ᠪᠤᠷᠬᠢᠯ ᠴᠠᠬᠠᠷ ᠳ᠋ᠦᠲ᠋ᠦ᠋ᠩ ᠶᠠᠮᠤᠨ ︵ᠪᠦᠬᠦᠳᠡ ᠶᠢ ᠵᠠᠬᠢᠷᠤᠭᠴᠢ ᠶᠠᠮᠤᠨ︶ ᠤ ᠵᠠᠷᠯᠢᠭ ᠢᠶᠠᠷ ᠮᠤᠩᠭᠤᠯ ᠮᠤᠷᠢᠳᠤ ᠴᠡᠷᠢᠭ   ᠢᠶᠠᠨ ᠲᠠᠭᠠᠭᠤᠯᠤᠨ ᠬᠤᠶᠠᠷ ᠵᠢᠯ ᠬᠦᠴᠦᠯᠡᠨ ᠪᠠᠶᠢᠯᠳᠤᠵᠤ ᠪᠠᠶᠢᠭᠠᠳ ᠲᠡᠭᠡᠷᠡᠮ ᠤᠨ ᠦᠢᠮᠡᠬᠡᠨ ᠢ ᠲᠠᠷᠤᠭᠰᠠᠨ ᠭᠡᠳᠡᠭ᠃ ᠬᠤᠵᠢᠮ ᠨᠢ ᠴᠠᠬᠠᠷ  ᠨᠤᠳᠤᠭ ᠲᠤ ᠲᠡᠨᠦᠬᠦᠴᠢᠯᠡᠨ ᠰᠠᠮᠠᠭᠤᠷᠠᠭᠤᠯᠵᠤ ᠪᠠᠶᠢᠭᠰᠠᠨ  ᠬᠤᠯᠠᠭᠠᠢ ᠲᠡᠭᠡᠷᠡᠮ   ᠨᠦᠭᠦᠳ ᠢ ᠤᠰᠠᠳᠬᠠᠬᠤ ᠳᠤ ᠪᠠᠰᠠ ᠶᠡᠭᠡ ᠭᠠᠪᠢᠶ᠎ᠠ ᠪᠠᠶᠢᠭᠤᠯᠤᠭᠰᠠᠨ ᠪᠤᠯᠬᠤᠷ  ᠬᠤᠯᠠᠭᠠᠢ ᠲᠡᠭᠡᠷᠡᠮ ᠳᠤ ᠰᠦᠷᠳᠡᠬᠦᠯᠦᠯ ᠪᠤᠯᠵᠤ᠂  ᠵᠠᠰᠠᠭ ᠲᠦᠷᠦ ᠳᠤ ᠬᠦᠨᠳᠦᠳᠭᠡᠭᠳᠡᠨ᠂   ᠴᠠᠬᠠᠷ ᠤᠨ ᠮᠤᠩᠭᠤᠯ ᠬᠢᠳᠠᠳ ᠬᠦᠮᠦᠰ ᠪᠤᠷᠬᠢᠯ ᠢ ᠪᠦᠷ ︽ᠪᠤᠤ ᠳ᠋ᠠ ᠷᠧᠨ︾ ᠬᠡᠵᠦ ᠬᠦᠨᠳᠦᠳᠬᠡᠨ ᠲᠠᠭᠤᠳᠠᠳᠠᠭ ᠪᠠᠶᠢᠪᠠ᠃ ᠪᠤᠷᠬᠢᠯ ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠴᠠᠭᠠᠨ ᠤ ᠬᠤᠰᠠᠢ ᠳ᠋ᠠ ᠪᠦᠬᠡᠳ ᠴᠢᠭᠤᠯᠤᠯᠳᠤ ᠬᠠᠭᠠᠯᠭ᠎ᠠ ᠳᠠᠬᠢ ᠴᠠᠬᠠᠷ ᠬᠤᠰᠠᠢ ᠠᠮᠪᠠᠨ ᠶᠠᠮᠤᠨ ᠳᠤ ᠠᠯᠪᠠ ᠬᠠᠪᠰᠤᠷᠴᠤ ᠪᠠᠶᠢᠬᠤ  ᠳᠠᠭᠠᠨ ᠦᠪᠡᠷ ᠤᠨ ᠨᠤᠳᠤᠭ ᠬᠦᠨ ᠴᠠᠪ ᠲᠠᠭᠠᠨ ᠸᠠᠭᠠᠷ ᠲᠤᠭᠤᠰᠬᠠᠨ ᠭᠡᠷ  ᠬᠦᠷᠢᠶ᠎ᠡ ᠪᠠᠶᠢᠭᠤᠯᠤᠭᠰᠠᠨ ᠢᠶᠠᠷ ᠸᠠ ᠹᠠᠩ ᠶᠢᠩᠽᠢ  ᠭᠡᠳᠡᠭ ᠨᠡᠷ᠎ᠡ ᠲᠠᠢ ᠪᠤᠯᠵᠠᠢ᠃ ᠤᠳᠤ ᠮᠤᠳᠤᠨ ᠰᠦᠮ᠎ᠡ ᠭᠠᠴᠠᠭᠠᠨ ᠤ ᠨᠢᠬᠡ ᠬᠤᠳᠠ  ᠠᠶᠢᠯ ᠤᠨ ᠨᠡᠷ᠎ᠡ ᠪᠤᠯᠪᠠ᠃  
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号