︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ 8 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/7/4
   ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ  2024 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ  ᠭᠡᠷᠡᠭᠵᠢᠬᠦᠯᠬᠦ ᠪᠠᠷ ᠪᠤᠯᠵᠠᠢ᠃     ᠣᠶᠢᠯᠠᠭᠠᠭᠰᠠᠨ ᠢᠶᠠᠷ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠨᠢ ᠨᠡᠶᠢᠲᠡ 13 ᠵᠤᠷᠪᠤᠰ ᠪᠠᠶᠢᠵᠤ᠂ ᠭᠤᠤᠯᠳᠠᠭᠤ ᠭᠤᠷᠪᠠᠨ ᠲᠠᠯ᠎ᠠ ᠶᠢᠨ ᠬᠤᠪᠢᠷᠠᠯᠲᠠ ᠶᠢ ᠢᠯᠡᠷᠡᠭᠦᠯᠵᠡᠶ᠃ ᠨᠢᠭᠡ ᠳᠤ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ ᠶᠢ ᠥᠷᠭᠡᠳᠬᠡᠪᠡ᠃ ᠬᠤᠲᠠ ᠪᠠᠯᠭᠠᠰᠤᠨ ᠤ ᠠᠵᠤ ᠠᠬᠤᠶᠢᠯᠠᠯ ᠢ ᠠᠵᠤ ᠠᠬᠤᠶᠢᠯᠠᠯ ᠪᠣᠯᠭᠠᠨ ᠥᠷᠭᠡᠳᠬᠡᠵᠦ᠂ ᠬᠠᠤᠯᠢ ᠶᠣᠰᠣᠭᠠᠷ ᠲᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠲᠡᠭᠦᠨ ᠤ ᠠᠵᠢᠯᠲᠠᠨ᠂ ᠬᠥᠯᠥᠰᠥᠨ ᠠᠵᠢᠯᠴᠢᠨ ᠭᠡᠷᠡᠭᠯᠡᠵᠦ ᠪᠠᠶᠢᠭ᠎ᠠ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠪᠠ ᠲᠡᠬᠦᠨ ᠤ ᠬᠥᠯᠥᠰᠥᠨ ᠠᠵᠢᠯᠴᠢᠨ ᠢ ᠪᠦᠬᠦᠨ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠤᠷᠤᠭᠤᠯᠵᠠᠢ᠃ ᠬᠤᠶᠠᠷ ᠲᠤ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠤᠯᠤᠰ ᠤᠨ ᠲᠣᠭᠲᠠᠭᠠᠭᠰᠠᠨ ᠬᠡᠪᠴᠢᠶᠡᠨ ᠳᠣᠲᠣᠷ᠎ᠠ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ 5% ᠪᠠᠷ ᠳᠡᠭᠡᠭᠰᠢᠯᠡᠭᠦᠯᠬᠦ ᠶᠢᠨ ᠬᠠᠮᠲᠤ ᠨᠠᠰᠤ ᠠᠬᠢᠭᠰᠠᠨ ᠠᠵᠢᠯ ᠠᠯᠳᠠᠭᠰᠠᠳ ᠪᠣᠯᠤᠨ ᠡᠷ᠎ᠡ ᠡᠮ᠎ᠡ ᠬᠤᠶᠠᠷ  ᠬᠤᠶᠠᠭᠤᠯᠠ ᠪᠠᠨ ᠠᠵᠢᠯ ᠠᠯᠳᠠᠭᠰᠠᠳ ᠤᠨ ᠣᠨᠴᠣᠭᠤᠶ ᠬᠦᠴᠢᠷᠳᠡᠯ ᠢ ᠪᠣᠳᠣᠯᠬᠢᠯᠠᠵᠤ᠂ ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ ᠪᠠᠰᠠ 3 % ᠪᠠᠷ ᠨᠡᠮᠡᠭᠳᠡᠬᠦᠯᠵᠡᠢ᠃ ᠭᠤᠷᠪᠠ ᠳᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠪᠠ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠵᠦᠢᠯᠡᠰ ᠢ ᠲᠦᠷᠢᠮᠵᠢᠬᠦᠯᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ  ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠶ ᠲᠦᠯᠦᠪᠵᠢᠬᠦᠯᠬᠦ ᠶᠢ ᠲᠤᠳᠤᠷᠬᠠᠶᠢᠯᠠᠭᠰᠠᠨ ᠪᠦᠭᠡᠳ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠤᠨ ᠰᠦᠢᠳᠬᠡᠯ ᠢ ᠣᠷᠣᠯᠠᠨ ᠲᠤᠰᠢᠶᠠᠨ᠎ᠠ᠂  ᠬᠠᠷᠢᠨ ᠬᠤᠪᠢ ᠬᠥᠮᠦᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠤᠨ ᠰᠦᠢᠳᠬᠡᠯ ᠲᠤᠰᠢᠶᠠᠬᠤ ᠦᠭᠡᠢ ᠭᠡᠳᠡᠭ ᠢ ᠲᠤᠳᠤᠷᠬᠠᠶᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号