ᠶᠦᠩ ᠹᠧᠩ ᠪᠠᠯᠭᠠᠰᠤ ᠦᠶᠡᠷ ᠢ ᠰᠡᠷᠭᠡᠶᠢᠯᠡᠬᠦ ᠰᠣᠷᠢᠯᠲᠠ ᠬᠢᠭᠰᠡᠨ
ᠨᠡᠶᠢᠲᠡᠯᠡᠭᠰᠡᠨ ᠴᠠᠭ᠄
2024/7/4
  7 ᠰᠠᠷ᠎ᠠ ᠶᠢᠨ 4 ᠤ ᠡᠳᠦᠷ᠂ ᠶᠦᠩ ᠹᠧᠩ ᠪᠠᠯᠭᠠᠰᠤ 2024 ᠣᠨ ᠤ ᠦᠶᠡᠷ ᠢ ᠰᠡᠷᠭᠡᠶᠢᠯᠡᠵᠦ  ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ᠃  ᠡᠨᠡ ᠤᠳᠠᠭᠠᠨ ᠤ ᠰᠣᠷᠢᠯᠲᠠ ᠶᠢ ᠰᠠᠶᠢᠨ ᠬᠢᠬᠦ ᠶᠢᠨ ᠲᠥᠯᠥᠭᠡ  ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠲᠥᠯᠥᠪᠯᠡᠨ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠰᠣᠷᠢᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠢ ᠤᠷᠢᠳᠴᠢᠯᠠᠨ ᠬᠢᠵᠦ᠂ ᠠᠵᠢᠯᠲᠠᠨ ᠤ ᠲᠣᠬᠢᠷᠠᠭᠤᠯᠤᠯᠲᠠ᠂ ᠰᠡᠷᠭᠡᠶᠢᠯᠡᠯᠲᠡ ᠶᠢᠨ ᠴᠢᠬᠤᠯᠠ ᠣᠷᠣᠨ ᠪᠦᠰᠡ᠂ ᠭᠤᠤᠯᠳᠠᠯᠭ᠎ᠠ ᠲᠠᠢ ᠰᠢᠯᠵᠢᠭᠦᠯᠬᠦ ᠨᠢᠭᠤᠷᠯᠠᠯ᠂ ᠰᠢᠯᠵᠢᠭᠦᠯᠬᠦ ᠱᠤᠭᠤᠮ ᠪᠠ ᠲᠥᠪᠬᠢᠨᠡᠭᠦᠯᠬᠦ ᠴᠡᠭ ᠵᠡᠷᠭᠡ ᠶᠢ  ᠲᠤᠳᠤᠷᠬᠠᠶᠢᠯᠠᠭᠰᠠᠨ ᠪᠠᠶᠢᠨ᠎ᠠ᠃  ᠶᠦᠩ ᠹᠧᠩ ᠲᠣᠰᠣ ᠨᠡᠮᠡᠬᠦ ᠥᠷᠲᠡᠭᠡ ᠰᠢᠷᠦᠭᠦᠨ ᠪᠣᠷᠣᠭᠠᠨ ᠳᠤ ᠲᠠᠭᠠᠷᠢᠭᠳᠠᠭᠰᠠᠨ ᠲᠠᠭᠤᠷᠢᠶᠠᠮᠠᠯ ᠰᠤᠷᠢᠯᠳᠠ ᠶᠢᠨ ᠲᠠᠯᠠᠪᠠᠢ ᠳᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ  ᠡᠩᠨᠡᠭᠡᠨ ᠤ ᠠᠵᠢᠯ ᠤᠨ ᠬᠤᠪᠢᠶᠠᠷᠢᠯᠠᠯ ᠮᠠᠰᠢ ᠲᠣᠳᠣᠷᠬᠠᠶ ᠪᠠᠶᠢᠵᠤ᠂ ᠲᠣᠰᠣ ᠨᠡᠮᠡᠬᠦ ᠦᠷᠳᠡᠭᠡᠨ ᠤ ᠪᠣᠶ ᠪᠥᠬᠦᠶ ᠴᠠᠬᠢᠯᠭᠠᠨ ᠢ ᠲᠠᠰᠤᠯᠤᠨ᠂  ᠲᠤᠰᠤᠨ ᠤ ᠨᠡᠭᠡᠯᠡᠬᠡᠢ ᠶᠢ ᠴᠢᠩᠭᠠᠯᠠᠨ ᠬᠠᠭᠠᠵᠤ᠂ ᠦᠶᠡᠷ ᠶᠠᠪᠤᠭᠤᠯᠬᠤ ᠭᠤᠤ ᠰᠤᠪᠠᠭ ᠢ  ᠪᠠᠶᠢᠷᠢᠯᠠᠭᠤᠯᠤᠭᠰᠠᠨ ᠪᠦᠭᠡᠳ ᠰᠡᠷᠡᠮᠵᠢᠯᠡᠬᠦᠯᠬᠦ ᠤᠳᠠᠰᠤ ᠲᠠᠳᠠᠵᠤ᠂  ᠡᠷᠬᠢᠨ ᠲᠣᠭᠤᠷᠢᠨ ᠤ ᠣᠯᠠᠨ ᠲᠦᠮᠡᠨ ᠢ ᠰᠢᠯᠵᠢᠬᠦᠯᠦᠭᠡᠳ᠂   ᠡᠯ᠎ᠡ ᠭᠤᠭᠴᠤᠭ᠎ᠠ ᠶᠢ ᠰᠠᠭᠠᠳ ᠥᠬᠡᠶ ᠨᠡᠪᠲᠡᠷᠡᠭᠦᠯᠵᠦ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠩᠨᠡᠭᠡ ᠳᠤ ᠪᠣᠳᠠᠲᠤ ᠪᠠᠶᠢᠯᠳᠤᠭᠠᠨ ᠤ ᠠᠷᠭ᠎ᠠ ᠲᠤᠷᠰᠢᠯᠭ᠎ᠠ ᠶᠢ ᠬᠤᠷᠠᠮᠳᠤᠭᠤᠯᠵᠠᠢ᠃ ᠶᠦᠩ ᠹᠧᠩ ᠪᠠᠯᠭᠠᠰᠤ ᠨᠢ ᠡᠨᠡ ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠤᠯᠭᠠᠨ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠣᠶᠢᠯᠠᠭᠠᠭᠳᠠᠬᠤᠨ ᠢ ᠪᠠᠷᠢᠮᠳᠠᠯᠠᠵᠤ᠂ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠨ᠂ ᠣᠯᠠᠨ ᠲᠦᠮᠡᠨ ᠳᠤ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠦᠨᠳᠦᠰᠦᠨ ᠮᠡᠳᠡᠯᠭᠡ ᠪᠠ ᠬᠠᠮᠢᠶ᠎ᠠ ᠪᠥᠬᠦᠶ ᠠᠯᠬᠤᠮ ᠳᠠᠷᠠᠭ᠎ᠠ ᠶᠢ ᠤᠯᠠᠮ ᠰᠠᠶᠢᠨ ᠡᠵᠡᠮᠰᠢᠭᠦᠯᠵᠦ᠂ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ  ᠪᠠᠷ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号