ᠲᠠᠶᠢᠹᠤᠰᠧ ᠬᠤᠰᠢᠭᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠢᠭᠰᠡᠨ
ᠨᠡᠶᠢᠲᠡᠯᠡᠭᠰᠡᠨ ᠴᠠᠭ᠄
2024/7/5
  7 ᠰᠠᠷ᠎ᠠ ᠶᠢᠨ 4 ᠤ ᠡᠳᠦᠷ᠂ ᠲᠠᠶᠢᠹᠤᠰᠧ ᠬᠤᠰᠢᠭᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠶᠧ ᠶᠢᠨ ᠳ᠋ᠦᠩ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠲᠥᠪ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠶᠢᠨ ︽ᠰᠠᠬᠢᠯᠭ᠎ᠠ ᠪᠠᠲᠤ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠡᠷᠡᠮᠵᠢ ᠪᠤᠯᠭᠠᠬᠤ ᠲᠤᠬᠠᠶ ᠮᠡᠳᠡᠭᠳᠡᠯ︾ ᠢ ᠤᠯᠠᠮᠵᠢᠯᠠᠪᠠ᠃ ᠬᠤᠷᠠᠯ ᠠᠴᠠ᠂ ᠦᠷᠭᠡᠨ ᠤᠯᠠᠨ ᠤᠳᠤᠷᠢᠳᠬᠤ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠦᠭᠡ ᠶᠠᠷᠢᠶ᠎ᠠ ᠦᠢᠯᠡ ᠠᠵᠢᠯᠯᠠᠭ᠎ᠠ ᠶᠢ ᠲᠦᠷᠢᠮᠵᠢᠬᠦᠯᠬᠦ  ᠵᠠᠩᠭᠢᠯᠠᠭ᠎ᠠ ᠶᠢᠨ ᠠᠷᠭ᠎ᠠ ᠬᠡᠮᠵᠢᠶ᠎ᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠤᠮᠳᠠ ᠬᠠᠷᠢᠴᠠᠯᠠᠰᠢ ᠥᠬᠡᠶ ᠦᠨᠡᠨᠴᠢ ᠰᠢᠳᠤᠷᠭᠤ ᠪᠠᠶᠢᠬᠤ᠂᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠤᠮᠳᠠ ᠨᠠᠮᠴᠢ ᠴᠢᠨᠠᠷ ᠢᠶᠠᠨ ᠪᠠᠳᠤᠳᠬᠠᠬᠤ᠂  ᠠᠷᠢᠭᠤᠨ ᠴᠢᠭᠡᠴᠢ ᠶᠢᠨ ᠰᠠᠬᠢᠯᠭ᠎ᠠ ᠪᠠᠳᠤ ᠶᠢ ᠴᠢᠩᠭ᠎ᠠ ᠰᠠᠬᠢᠬᠤ ᠲᠤᠮᠳᠠ  ᠴᠡᠪᠡᠷ ᠴᠢᠭᠡᠴᠢ ᠤᠤᠷ ᠴᠢᠨᠠᠷ ᠢᠶᠠᠨ ᠬᠠᠳᠠᠭᠠᠯᠠᠬᠤ᠂ ᠣᠯᠠᠨ ᠲᠦᠮᠡᠨᠴᠢ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠤᠮᠳᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠤᠮᠳᠠ ᠡᠷᠬᠢᠮ ᠲᠡᠭᠡᠳᠦ ᠭᠡᠪ ᠮᠤᠷᠠᠯ ᠢ ᠪᠠᠷᠢᠮᠳᠠᠯᠠᠬᠤ ᠶᠢ ᠪᠡᠶᠡᠯᠡᠬᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠤᠯᠠᠮ ᠴᠢᠩᠭᠠᠳᠬᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠪᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠦᠯᠬᠦᠮᠳᠡᠨ ᠤᠷᠤᠭᠰᠢᠯᠠᠬᠤ᠂ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠪᠥᠬᠦ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠤᠳᠤᠷᠢᠳᠬᠤ ᠺᠠᠳ᠋ᠷ ᠳᠥᠷᠪᠡᠨ ᠵᠠᠭᠤ ᠭᠠᠷᠤᠶ ᠬᠥᠮᠦᠨ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号