ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠡᠨᠴᠢ ᠢᠲᠡᠭᠡᠮᠵᠢ ᠶᠢᠨ ᠵᠣᠷᠢᠭ | ᠰᠠᠨᠠᠭ᠎ᠠ ᠶᠢ ᠪᠠᠳᠠᠷᠠᠭᠤᠯᠤᠨ᠂ ᠪᠣᠯᠪᠠᠰᠤᠨ ᠰᠢᠨ᠎ᠡ ᠰᠤᠷᠲᠠᠯ ᠢ ᠤᠷᠢᠶᠠᠯᠠᠵᠤ᠂ ᠦᠨᠡᠨᠴᠢ ᠢᠲᠡᠭᠡᠮᠵᠢᠲᠡᠶ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 26 ᠤ ᠡᠳᠦᠷ ᠬᠤᠰᠢᠭᠤ ᠨᠠᠮ ᠤᠨ | ᠬᠤᠷᠢᠶᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠲᠦᠷ ᠴᠠᠭ ᠤᠨ ᠨᠠᠮ ᠤᠨ ᠡᠬᠦᠷ ᠨᠢ ᠯᠦᠸᠧ | ᠲᠦᠸᠧ ᠱᠠᠨ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠲᠠᠢ ᠬᠠᠮᠲᠤᠷᠠᠨ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ︾ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠬᠤᠷᠠᠯ ᠳᠡᠭᠡᠷ᠎ᠡ᠂ | ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ | ᠥᠭᠦᠯᠡᠯᠲᠡ ᠶᠢ ᠰᠤᠷᠤᠯᠴᠠᠵᠤ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ ᠰᠤᠷᠤᠯᠴᠠᠬᠤ ᠠᠭᠤᠯᠭ᠎ᠠ ᠶᠢᠨ | ᠲᠣᠭᠤᠷᠢᠨ ᠳᠤ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ | ᠲᠠᠯᠪᠢᠭᠰᠠᠨ ᠪᠦᠭᠡᠳ ︽ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠂ ︽ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠲᠠᠬᠢᠨ ᠵᠥᠪᠯᠡᠬᠦ ᠬᠠᠤᠯᠢ︾ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃ ᠡᠨᠡ ᠤᠳᠠᠭᠠᠨ ᠤ ᠠᠵᠢᠯᠯᠠᠭ᠎ᠠ ᠨᠢ ᠨᠠᠮ ᠤᠨ ᠭᠡᠰᠢᠬᠦᠳ ᠤᠨ | ᠬᠦᠳᠡᠯᠪᠦᠷᠢ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠭᠰᠠᠨ ᠢᠶᠠᠷ ᠪᠠᠷᠠᠬᠤ ᠥᠬᠡᠶ ᠨᠠᠮ ᠤᠨ | ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠨᠠᠮ ᠤᠨ ᠭᠡᠰᠢᠬᠦᠳ ᠤᠨ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠤᠨ ᠲᠤᠬᠠᠶ ᠤᠬᠠᠮᠰᠠᠷ | ᠲᠠᠨᠢᠯᠲᠠ ᠶᠢ ᠴᠢᠩᠭᠠᠳᠬᠠᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢ ᠴᠢᠨᠠᠭᠰᠢᠳᠠ | ᠠᠬᠢᠭᠤᠯᠤᠭᠰᠠᠨ ᠪᠠᠶᠢᠨ᠎ᠠ᠃ |