ᠨᠠᠮ ᠤᠨ ᠪᠠᠶᠢᠭᠤᠯᠤᠯᠲᠠ ᠪᠠᠷ ᠬᠥᠳᠦᠯᠦᠨ ᠳᠠᠭᠠᠭᠤᠯᠵᠤ ᠬᠦᠴᠦᠷᠭᠡᠭ ᠲᠠᠶᠢᠴᠢᠨ ᠪᠠᠬᠢᠯᠡᠯᠲᠡ ᠶᠢ ᠴᠤᠭᠴᠠᠯᠠᠨ᠎ᠠ
ᠨᠡᠶᠢᠲᠡᠯᠡᠭᠰᠡᠨ ᠴᠠᠭ᠄
2024/8/13
  ᠦᠨᠳᠦᠰᠦᠨ ᠱᠠᠲᠤ ᠪᠣᠯ ᠠᠯᠢᠪᠠ ᠠᠵᠢᠯ ᠤᠨ ᠵᠣᠭᠰᠣᠴᠠ᠂ ᠨᠠᠮ ᠤᠨ ᠲᠦᠷᠦ ᠪᠠᠷᠢᠬᠤ ᠰᠠᠭᠤᠷᠢ᠂ ᠬᠦᠴᠦᠨ ᠴᠢᠳᠠᠯ ᠤᠨ ᠡᠬᠢ ᠰᠤᠷᠪᠤᠯᠵᠢ ᠮᠥᠨ᠃ ᠨᠡᠶᠢᠭᠡᠮ ᠲᠣᠭᠤᠷᠢᠭ ᠪᠣᠯ ᠨᠠᠮ ᠵᠠᠰᠠᠭ ᠤᠨ ᠠᠷᠠᠳ ᠢᠷᠭᠡᠳ ᠲᠠᠢ ᠬᠠᠷᠢᠯᠴᠠᠬᠤ᠂ ᠠᠠᠷᠠᠳ ᠢᠷᠭᠡᠳ ᠲᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾  ᠪᠤᠯᠤᠨ᠎ᠠ᠃   ᠪᠤᠤᠴᠠᠩ ᠪᠠᠯᠭᠠᠰᠤᠨ ᠤ ᠲᠠᠢ ᠫᠢᠩ ᠨᠡᠶᠢᠭᠡᠮ ᠲᠣᠭᠤᠷᠢᠭ ᠲᠤ ᠪᠠᠶᠢᠩᠭᠤ ᠰᠠᠭᠤᠭ᠎ᠠ 2583 ᠡᠷᠦᠬᠡ 5726 ᠬᠥᠮᠦᠨ ᠪᠦᠯᠢ ᠎ ᠲᠠᠢ ᠪᠠᠶᠢᠵᠤ᠂   ᠬᠢᠲᠠᠳ  ᠂ ᠮᠣᠩᠭᠤᠯ᠂ ᠮᠠᠨᠵᠤ᠂ ᠬᠤᠲᠣᠩ᠂ ᠯᠢᠰᠣ ᠵᠡᠷᠭᠡ ᠣᠯᠠᠨ ᠦᠨᠳᠦᠰᠦᠲᠡᠨ ᠤ ᠰᠠᠭᠤᠭᠠᠯᠢ ᠠᠷᠠᠳ ᠡᠶ᠎ᠡ ᠵᠣᠬᠢᠴᠠᠯ ᠲᠠᠢ ᠬᠠᠮᠲᠤ ᠰᠠᠭᠤᠷᠢᠰᠢᠵᠤ ᠪᠠᠶᠢᠳᠠᠭ᠃ ᠣᠶᠢᠷ᠎ᠠ ᠳᠤ᠂ ᠰᠤᠷᠪᠤᠯᠵᠢᠯᠠᠭᠴᠢ ᠲᠠᠢ ᠫᠢᠩ ᠨᠡᠶᠢᠭᠡᠮ ᠲᠣᠭᠤᠷᠢᠭ ᠤᠨ ᠨᠠᠮ  ᠎ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠬᠦᠶ᠎ᠡ᠂ ᠴᠡᠪᠡᠷ ᠴᠡᠮᠴᠡᠭᠡᠷ ᠠᠵᠢᠯᠯᠠᠬᠤ ᠣᠷᠴᠢᠨ ᠲᠣᠭᠤᠷᠢᠨ ᠨᠢ ᠬᠥᠮᠦᠰ ᠤᠨ ᠰᠡᠳᠬᠢᠯ ᠢ ᠪᠠᠶᠠᠰᠬᠠᠨ᠂ ᠠᠵᠢᠯᠲᠠᠳ ᠤᠴᠢᠷ ᠶᠠᠪᠤᠳᠠᠯ ᠭᠦᠢᠴᠡᠳᠭᠡᠬᠦ ᠪᠠᠷ  ᠢᠷᠡᠭᠰᠡᠨ ᠠᠷᠠᠳ ᠢᠷᠭᠡᠳ ᠲᠤ ᠬᠠᠯᠠᠭᠤᠮᠰᠠᠭ ᠦᠢᠯᠡᠴᠢᠯᠡᠭᠡ ᠶᠢ ᠬᠦᠷᠬᠡᠵᠦ ᠪᠠᠶᠢᠯ᠎ᠠ᠃  ᠰᠠᠭᠤᠭᠠᠯᠢ ᠠᠷᠠᠳ ᠤᠨ ᠲᠥᠯᠥᠭᠡᠯᠡᠭᠴᠢ ᠪᠣᠯᠤᠨ ᠨᠡᠶᠢᠭᠡᠮ ᠲᠣᠭᠤᠷᠢᠭ ᠤᠨ ᠠᠵᠢᠯᠲᠠᠳ ᠬᠡᠷᠡᠭ ᠵᠥᠪᠯᠡᠬᠦ ᠲᠢᠩᠬᠢᠮ ᠳᠤ ᠴᠤᠭᠯᠠᠷᠠᠭᠠᠳ᠂  ᠪᠤᠳᠤᠵᠤ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠨᠡᠶᠢᠭᠡᠮ ᠲᠣᠭᠤᠷᠢᠭ ᠤᠨ ᠶᠡᠭᠡ ᠪᠠᠭ᠎ᠠ ᠬᠡᠷᠡᠭ ᠶᠠᠪᠤᠳᠠᠯ ᠢ ᠬᠠᠮᠲᠤᠪᠠᠷ ᠵᠦᠪᠳᠡᠯᠴᠡᠨ᠎ᠡ᠃ ᠬᠦᠳᠡᠯᠪᠦᠷᠢ ᠶᠢᠨ ᠲᠠᠰᠤᠭ ᠲᠤ ᠪᠠᠰᠠ ᠰᠠᠭᠤᠭᠠᠯᠢ ᠠᠷᠠᠳ ᠤᠨ ᠵᠠᠷᠢᠮ ᠨᠢ  ᠵᠤᠭᠤᠭ ᠲᠡᠯᠬᠡᠵᠦ᠂  ᠵᠠᠷᠢᠮ ᠨᠢ ᠰᠢᠳᠠᠷ᠎ᠠ ᠲᠠᠯᠪᠢᠵᠤ᠂  ᠵᠠᠷᠢᠮ ᠨᠢ ᠲᠠᠭᠤᠯᠠᠵᠤ ᠪᠦᠵᠢᠭᠯᠡᠭᠡᠳ ᠬᠦᠷ ᠬᠥᠭᠵᠢᠶᠡᠨ ᠡᠶ᠎ᠡ ᠨᠠᠶᠢᠷ ᠢᠶᠠᠷ ᠪᠢᠯᠬᠠᠨ᠎ᠠ᠃   ᠎ ᠲᠠᠢ ᠫᠢᠩ ᠨᠡᠶᠢᠭᠡᠮ ᠲᠣᠭᠤᠷᠢᠭ ᠤᠨ ᠬᠤᠤᠰᠯᠠᠯ ᠵᠦᠴᠦᠭᠡ ᠶᠢᠨ ᠠᠩᠭᠢ ᠶᠢᠨ ᠼᠤᠤ ᠬᠦᠶ ᠬᠠᠶ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ ᠮᠠᠨ ᠤ ᠬᠢᠨ ᠨᠡᠶᠢᠳᠡ 7 ᠰᠠᠯᠪᠤᠷᠢ ᠠᠩᠭᠢ ᠲᠠᠢ᠂ ᠥᠩᠭᠡᠷᠡᠭᠰᠡᠨ ᠳᠤ ᠲᠤᠭᠯᠠᠵᠤ ᠪᠤᠯᠪᠠᠰᠤᠷᠠᠬᠤ ᠲᠠᠯᠠᠪᠤᠷ ᠦᠬᠡᠢ᠂ ᠠᠭᠤᠳᠠᠮ ᠲᠠᠯᠠᠪᠠᠶ ᠪᠤᠶᠤ ᠰᠠᠭᠤᠭᠠᠯᠢ ᠲᠣᠭᠤᠷᠢᠭ ᠎ ᠲᠠᠭᠠᠨ ᠭᠠᠵᠠᠷ ᠡᠷᠢᠵᠦ ᠬᠦᠶᠦᠳᠡᠭ ᠪᠠᠶᠢᠯ᠎ᠠ᠂ ᠨᠡᠶᠢᠭᠡᠮ ᠲᠣᠭᠤᠷᠢᠭ ᠠᠴᠠ ᠦᠨ᠎ᠡ ᠲᠥᠯᠥᠪᠦᠷᠢ ᠥᠬᠡᠶ ᠪᠠᠷ ᠲᠠᠯᠠᠪᠤᠷ ᠬᠠᠩᠭᠠᠭᠰᠠᠨ ᠠᠴᠠ ᠬᠤᠶᠢᠰᠢ᠂ ᠮᠠᠨ ᠤ 7 ᠠᠩᠭᠢ ᠶᠢᠨ ᠵᠠᠭᠤ ᠭᠠᠷᠤᠶ ᠬᠥᠮᠦᠨ ᠪᠠᠷᠤᠭ ᠡᠳᠦᠷ ᠪᠦᠷᠢ ᠠᠳᠡ ᠢᠷᠡᠭᠡᠳ ᠪᠤᠯᠪᠠᠰᠤᠷᠠᠵᠤ ᠪᠤᠢ᠂ ᠨᠡᠶᠢᠭᠡᠮ ᠲᠣᠭᠤᠷᠢᠭ ᠤᠨ ᠱᠦᠵᠢ ᠴᠤ ᠪᠢᠳᠡᠨ ᠢ ᠦᠷᠭᠦᠯᠵᠢ ᠬᠠᠯᠠᠮᠵᠢᠯᠠᠵᠤ᠂ ᠪᠢᠳᠡᠨ ᠢ ᠬᠠᠪᠰᠤᠷᠤᠨ ᠪᠣᠳᠠᠲᠠᠶ ᠠᠰᠠᠭᠤᠳᠠᠯ ᠢ  ᠰᠢᠢᠳᠪᠦᠷᠢᠯᠡᠵᠦ ᠦᠭᠳᠡᠭ︾ ᠬᠡᠯ᠎ᠡ᠃    ᠨᠢᠭᠡ ᠨᠠᠮ ᠤᠨ ᠭᠡᠰᠢᠭᠦᠨ ᠪᠣᠯ ᠨᠢᠭᠡ ᠲᠤᠭ  ᠂ ᠨᠢᠭᠡ ᠨᠠᠮ ᠤᠨ ᠡᠭᠦᠷ ᠪᠣᠯ ᠨᠢᠬᠡ ᠪᠠᠬᠢᠯᠡᠯᠲᠡ ᠪᠤᠯᠬᠤ ᠶᠤᠮ᠃᠎ ᠲᠠᠢ ᠫᠢᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠨᠢ ᠲᠠᠢ ᠫᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠠᠮ ᠤᠨ ᠡᠭᠦᠷ᠂ ᠲᠠᠢ ᠫᠢᠩ ᠨᠡᠶᠢᠭᠡᠮ ᠲᠣᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠡᠭᠦᠷ᠂ ᠲᠠᠢ ᠫᠢᠩ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠨᠠᠮ ᠤᠨ ᠡᠭᠦᠷ ᠵᠡᠷᠭᠡ 3 ᠨᠠᠮ ᠤᠨ ᠡᠭᠦᠷ ᠢ ᠬᠠᠷᠢᠶᠠᠯᠠᠵᠤ᠂ ᠨᠡᠶᠢᠲᠡ 175 ᠨᠠᠮ ᠤᠨ ᠭᠡᠰᠢᠭᠦᠨ ᠲᠠᠢ᠃ ᠤᠢᠢᠷ᠎ᠠ ᠶᠢᠨ ᠵᠢᠯ ᠳᠤ᠂ ᠲᠠᠢ ᠫᠢᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠶᠠᠭᠤ ᠭᠡᠳᠡᠭ ᠢ ᠲᠠᠶᠢᠯᠪᠤᠷᠢᠯᠠᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠡᠩ ᠪᠦᠬᠦ ᠲᠠᠯ᠎ᠠ ᠶᠢᠨ᠂ ᠨᠡᠩ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠪᠠ᠃ ᠡᠯ᠎ᠡ ᠵᠦᠢᠯ ᠤᠨ ᠬᠡᠯᠪᠡᠷᠢ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ ᠪᠤᠯᠤᠨ ᠦᠢᠯᠡᠴᠢᠯᠡᠬᠡᠨ ᠤ ᠤᠬᠠᠮᠰᠠᠷ  ᠴᠢᠳᠠᠪᠤᠷᠢ ᠶᠢ ᠨᠡᠮᠡᠭᠳᠡᠬᠦᠯᠵᠦ᠂ ᠰᠠᠭᠤᠭᠠᠯᠢ ᠠᠷᠠᠳ ᠤᠨ ᠱᠠᠭᠠᠷᠳᠠᠯᠭ᠎ᠠ ᠬᠡᠷᠡᠭᠴᠡᠭᠡ ᠶᠢ ᠤᠶᠢᠯᠠᠭᠠᠨ᠂ ᠰᠠᠭᠤᠭᠠᠯᠢ ᠠᠷᠠᠳ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ  ᠲᠡᠷᠭᠡᠳᠡᠬᠢ ᠳᠣᠲᠣᠨᠣ ᠬᠥᠮᠦᠰ ᠪᠤᠯᠤᠭᠰᠠᠨ ᠪᠠᠶᠢᠨ᠎ᠠ᠃ ᠡᠯ᠎ᠡ ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ᠣᠯᠠᠨ ᠲᠦᠮᠡᠨ ᠳᠤ ᠦᠢᠯᠡᠴᠢᠯᠡᠬᠦ ᠪᠠᠷ ᠭᠤᠤᠯᠳᠠᠯᠭ᠎ᠠ ᠪᠣᠯᠭᠠᠵᠤ᠂ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠤᠨ᠂ ︽ᠬᠤᠰᠢᠭᠤᠴᠢ ᠠᠵᠢᠯ ᠤᠨ ᠪᠠᠶᠢᠷᠢ︾᠂ ︽ᠡᠭᠦᠳᠡ ᠲᠣᠭᠰᠢᠬᠤ ᠠᠵᠢᠯᠯᠠᠭ᠎ᠠ︾ ᠵᠡᠷᠭᠡ ᠶᠢ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠺᠠᠷᠲ ᠲᠠᠷᠬᠠᠭᠠᠨ᠂ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠠᠮᠢᠳᠤᠷᠠᠯ ᠬᠦᠴᠢᠷᠳᠡᠯᠲᠡᠢ ᠰᠠᠭᠤᠭᠠᠯᠢ ᠠᠷᠠᠳ ᠲᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠎ ᠶᠢ ᠤᠯᠭᠤᠪᠠ᠃ ᠦᠨᠦᠴᠢᠨ ᠬᠡᠦᠭᠡᠳ᠂ ᠪᠡᠯᠪᠡᠰᠦᠨ ᠨᠠᠰᠤᠲᠠᠨ᠂ ᠵᠡᠮᠳᠡᠭ ᠬᠥᠮᠦᠰ ᠤᠨ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢᠨ ᠲᠥᠯᠥᠭᠡ  ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠠᠷᠠᠭᠠᠯᠠᠨ ᠰᠤᠷᠪᠤᠯᠵᠢᠯᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ ᠤ ᠬᠡᠷᠡᠭᠴᠡᠭᠡ ᠶᠢ ᠴᠠᠭ ᠲᠤᠬᠠᠶ ᠳᠤᠨᠢ ᠪᠠᠶᠢᠴᠠᠭᠠᠵᠤ ᠤᠶᠢᠯᠠᠭᠠᠨ᠂ ᠴᠢᠬᠤᠯᠠ ᠪᠦᠬᠦᠢ ᠬᠠᠪᠰᠤᠷᠤᠯᠭ᠎ᠠ ᠬᠠᠩᠭᠠᠵᠤ᠂ ᠨᠠᠮ ᠵᠠᠰᠠᠭ ᠪᠠ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠳᠡᠭᠡᠵᠡᠢ᠃  ᠡᠨᠡ ᠵᠢᠯ ᠤᠨ 8 ᠰᠠᠷ᠎ᠠ ᠪᠣᠯᠲᠠᠯ᠎ᠠ ᠨᠡᠶᠢᠳᠡ 2700 ᠭᠠᠷᠤᠢ ᠡᠷᠦᠬᠡ ᠳᠤ ᠬᠦᠷᠴᠦ ᠰᠤᠷᠪᠤᠯᠵᠢᠯᠠᠨ᠂ ᠰᠠᠶᠢᠨ ᠳᠤᠷ᠎ᠠ ᠶᠢᠨ ᠦᠢᠯᠡᠴᠢᠯᠡᠭᠡ ᠶᠢ 42 ᠤᠳᠠᠭ᠎ᠠ ᠬᠢᠵᠦ᠂ ᠤᠯᠠᠨ ᠲᠦᠮᠡᠨ ᠤ 30 ᠭᠠᠷᠤᠢ ᠬᠤᠪᠢ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠭᠡᠳ᠂ ᠨᠠᠮ ᠤᠨ ᠭᠡᠰᠢᠭᠦᠨ ᠤ ᠲᠦᠷᠢ ᠲᠥᠷᠬᠦ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠯ ᠬᠦᠨᠳᠦ ᠶᠢ ᠦᠨᠡᠨᠬᠦ ᠪᠤᠢ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠤᠨ ᠲᠠᠶᠢᠴᠢᠨ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃      ᠎ ᠲᠠᠢ ᠫᠢᠩ ᠨᠡᠶᠢᠭᠡᠮ ᠲᠣᠭᠤᠷᠢᠭ ᠤᠨ ᠠᠵᠢᠯ ᠤᠨ ᠠᠮᠵᠢᠯᠳᠠ ᠨᠢ ᠲᠡᠭᠡᠳᠦ ᠱᠠᠳᠤᠨ ᠤ ᠦᠨᠡᠯᠡᠯᠳᠡ ᠶᠢ ᠤᠯᠵᠤ᠂ ᠤᠷᠢᠳ ᠬᠤᠵᠢᠳ ᠰᠢᠯᠢ ᠶᠢᠨ ᠭᠤᠣᠯ ᠠᠶᠢᠮᠠᠭ ᠤᠨ ᠪᠠᠲᠤ ᠪᠠᠬᠢᠯᠡᠯᠲᠡ ᠶᠢᠨ ᠨᠠᠮ ᠤᠨ ᠡᠭᠦᠷ᠂ ᠰᠢᠯᠢ ᠶᠢᠨ ᠭᠤᠣᠯ ᠠᠶᠢᠮᠠᠭ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠲᠠᠶᠢᠹᠤᠰᠧ ᠬᠤᠰᠢᠭᠤᠨ ᠤ ᠠᠮᠤᠷ ᠠᠮᠤᠭᠤᠯᠠᠩ ᠨᠡᠶᠢᠭᠡᠮ ᠲᠣᠭᠤᠷᠢᠭ᠂ ᠲᠠᠶᠢᠹᠤᠰᠧ ᠬᠤᠰᠢᠭᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠵᠡᠢ᠃    ᠎ ᠲᠠᠢ ᠫᠢᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠴᠧᠨ ᠶᠦᠩ ᠮᠧᠢ᠄ ︽ ᠲᠡᠭᠡᠳᠦ ᠱᠠᠳᠤᠨ ᠠᠴᠠ ᠮᠠᠨ ᠤ ᠨᠡᠶᠢᠭᠡᠮ ᠲᠣᠭᠤᠷᠢᠭ ᠤᠨ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠭᠰᠠᠨ᠂ ᠡᠨᠡ  ᠎ ᠨᠢ ᠮᠠᠨ ᠤ ᠬᠤᠶᠢᠰᠢᠳᠠ ᠶᠢᠨ ᠠᠵᠢᠯ ᠢᠶᠠᠨ ᠰᠠᠶᠢᠲᠤᠷ ᠥᠷᠨᠢᠭᠦᠯᠬᠦ ᠳᠤ ᠶᠡᠭᠡᠭᠡᠨ ᠵᠤᠷᠢᠬᠵᠢᠭᠤᠯᠤᠯ ᠪᠤᠯᠵᠠᠢ᠃ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠲᠠᠢ ᠬᠠᠷᠢᠯᠴᠠᠬᠤ ᠡᠮᠦᠨ᠎ᠡ ᠹᠷᠣᠨᠲ ᠤᠨ ᠠᠵᠢᠯᠳᠠᠨ ᠪᠤᠯᠤᠭᠰᠠᠨ ᠤ ᠬᠤᠪᠢ ᠳᠤ ᠪᠢᠳᠡ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠴᠢᠳᠠᠮᠵᠢ ᠶᠢ ᠤᠯᠠᠮ ᠴᠢᠩᠭᠠᠳᠬᠠᠨ᠂ ᠳᠠᠶᠢᠴᠢᠨ ᠪᠠᠬᠢᠯᠡᠯᠲᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠤᠨ᠂ ᠠᠷᠠᠳ ᠢᠷᠭᠡᠳ ᠲᠤ ᠨᠠᠩ ᠨᠠᠷᠢᠨ ᠨᠢᠮᠪᠠᠢ ᠬᠠᠯᠠᠭᠤᠨ ᠳᠣᠲᠣᠨᠣ ᠦᠢᠯᠡᠴᠢᠯᠡᠭᠡ ᠶᠢ ᠬᠠᠩᠭᠠᠵᠤ᠂  ᠰᠠᠭᠤᠭᠠᠯᠢ ᠠᠷᠠᠳ ᠤᠨ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ︾᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号