ᠲᠠᠶᠢᠹᠤᠰᠧ ᠬᠤᠰᠢᠭᠤ ᠬᠤᠶᠠᠷ ᠲᠤᠮᠤ ᠠᠵᠤ ᠠᠬᠤᠶᠢᠯᠠᠯ ᠯᠤᠭ᠎ᠠ 3.6 ᠳ᠋ᠦᠩᠰᠢᠭᠤᠷ ᠲᠦᠬᠦᠷᠢᠭ ᠤᠨ ᠭᠡᠷ᠎ᠡ ᠲᠤᠭᠳᠠᠭᠰᠠᠨ
ᠨᠡᠶᠢᠲᠡᠯᠡᠭᠰᠡᠨ ᠴᠠᠭ᠄
2024/8/13
 8 ᠰᠠᠷ᠎ᠠ ᠶᠢᠨ 8 ᠤ ᠡᠳᠦᠷ᠂  ︽2024 ᠲᠠᠶᠢᠹᠤᠰᠧ ᠬᠤᠰᠢᠭᠤᠨ ᠤ ᠵᠣᠨ ᠤ ᠤᠯᠠᠷᠢᠯ ᠤᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ︾  ᠬᠦᠨᠪᠤᠯᠠᠭ ᠤᠨ ᠲᠠᠯ᠎ᠠ ᠨᠤᠲᠤᠭ ᠲᠤ ᠠᠮᠵᠢᠯᠲᠠ ᠲᠠᠢ ᠶᠠᠪᠤᠭᠳᠠᠪᠠ᠃   ᠬᠤᠷᠠᠯ ᠳᠡᠭᠡᠷ᠎ᠡ᠂ ᠠᠶᠢᠮᠠᠭ ᠤᠨ ᠳᠡᠳ᠋ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠤᠭᠳᠤᠯᠭ᠎ᠠ ᠶᠢᠨ ᠦᠭᠡ ᠬᠡᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠬᠢᠭᠰᠡᠨ ᠪᠦᠭᠡᠳ ᠱᠠᠨᠳᠦ᠋ᠩ ᠤᠨ ᠵᠢᠩ ᠬᠦᠩ ᠡᠯᠧᠺᠲᠷᠤᠨ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠴᠧᠩ ᠴᠠᠬᠢᠯᠭᠠᠨ ᠲᠡᠭᠡᠰᠦᠨ ᠤ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠠᠴᠠ ᠪᠠᠶᠠᠷ ᠤᠨ ᠦᠭᠡ ᠬᠡᠯᠡᠵᠦ᠂ ᠪᠡᠭᠡᠵᠢᠩ᠂ ᠾᠧᠨᠠᠨ ᠵᠡᠷᠭᠡ ᠭᠠᠵᠠᠷ ᠤᠷᠤᠨ ᠠᠴᠠ ᠢᠷᠡᠭᠰᠡᠨ 20 ᠭᠠᠷᠤᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂ ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠨᠢ ᠬᠤᠶᠠᠷ ᠲᠤᠮᠤ ᠠᠵᠤ ᠠᠬᠤᠶᠢᠯᠠᠯ ᠲᠠᠢ 3.6 ᠳ᠋ᠦᠩᠰᠢᠭᠤᠷ ᠲᠥᠭᠦᠷᠢᠭ ᠤᠨ ᠬᠠᠮᠳᠤᠷᠠᠯᠴᠠᠭᠠᠨ ᠤ ᠭᠡᠷ᠎ᠡ ᠲᠤᠭᠳᠠᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠣᠷᠣᠨ ᠪᠠᠶᠢᠷᠢ᠂ ᠡᠬᠢ ᠪᠠᠶᠠᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠣᠷᠣᠨ ᠪᠦᠰᠡ ᠶᠢᠨ ᠬᠠᠮᠵᠢᠯᠴᠠᠭ᠎ᠠ ᠪᠠ ᠠᠵᠤ ᠦᠢᠯᠡᠰ ᠤᠨ ᠬᠠᠮᠵᠢᠯᠴᠠᠭᠠᠨ ᠤ ᠬᠠᠷᠢᠴᠠᠭ᠎ᠠ ᠶᠢ ᠡᠳᠦᠷ ᠢᠷᠡᠬᠦᠶ᠎ᠡ ᠨᠢᠬᠳᠠᠷᠠᠭᠤᠯᠤᠭᠠᠳ᠂ ᠠᠮᠢ ᠠᠬᠤᠢ ᠶᠢᠨ ᠪᠠᠶᠢᠭᠤᠯᠤᠯᠲᠠ᠂ ᠡᠨᠧᠷᠭᠢ ᠶᠢᠨ ᠪᠠᠲᠤᠯᠠᠭ᠎ᠠ ᠵᠡᠷᠭᠡ  ᠬᠦᠷᠢᠶ᠎ᠡ  ᠴᠠᠷᠠᠭᠠᠨ ᠳᠠᠬᠢ ᠬᠠᠮᠳᠤᠷᠠᠯᠴᠠᠭᠠᠨ ᠤ ᠠᠵᠢᠯ ᠨᠢ ᠶᠡᠬᠡᠬᠡᠨ ᠦᠷ᠎ᠡ ᠠᠮᠵᠢᠯᠳᠠ ᠤᠯᠵᠠᠢ᠃ ᠡᠨᠡ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠡᠷᠭᠢᠯᠡᠭᠰᠡᠨ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠲᠦᠷᠭᠡᠳᠬᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾  ᠢ ᠪᠥᠬᠦ ᠬᠦᠴᠦᠨ ᠢᠶᠠᠷ ᠰᠠᠶᠢᠨ ᠭᠡᠷᠡᠭᠵᠢᠬᠦᠯᠬᠦ ᠪᠠᠰᠠ ᠨᠢᠬᠡᠨ ᠤᠳᠠᠭᠠᠨ ᠤ ᠦᠢᠯᠡᠳᠦᠯᠬᠡ ᠪᠠᠶᠢᠵᠤ᠂ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠣᠳᠠᠲᠤ ᠠᠴᠢ ᠬᠤᠯᠪᠣᠭᠳᠠᠯ ᠲᠠᠢ ᠶᠤᠮ᠃ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ᠂  ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠵᠢᠯᠴᠠᠨ ᠡᠷᠬᠢᠯᠡᠭᠰᠡᠨ ᠪᠠᠶᠢᠨ᠎ᠠ᠃ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠲᠤᠪᠴᠢᠶᠠᠨ ᠤ ᠠᠮᠢ ᠠᠬᠤᠶ ᠣᠷᠴᠢᠨ ᠲᠣᠭᠤᠷᠢᠨ ᠤ ᠰᠠᠯᠠᠭᠠᠨ ᠤ ᠳᠠᠷᠤᠭ᠎ᠠ ᠵᠧᠤ ᠵᠧᠨ ᠳ᠋ᠢᠩ᠂  ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ᠂  ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号