ᠵᠡᠭᠦᠨ ᠦᠵᠦᠮᠦᠴᠢᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠰᠢᠯᠢ ᠶᠢᠨ | ᠭᠤᠣᠯ ᠠᠶᠢᠮᠠᠭ ︵ᠡᠷᠢᠶᠡᠨ ᠬᠤᠲᠠ ᠶᠢ ᠪᠠᠭᠳᠠᠭᠠᠬᠤ ᠦᠭᠡᠢ︶ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠥᠷᠲᠡᠭ 5.18 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 33.8 % ᠪᠠᠷ ᠨᠡᠮᠡᠭᠳᠡᠵᠡᠢ᠃ ᠡᠭᠦᠨ ᠳᠤ᠂ ᠭᠠᠳᠠᠭᠠᠳᠤ ᠭᠠᠷᠭᠠᠯᠲᠠ 1.44 | ᠳ᠋ᠦᠩᠰᠢᠭᠤᠷ ᠲᠥᠭᠦᠷᠢᠭ ᠲᠤ ᠬᠦᠷᠴᠦ᠂ 33.4% ᠪᠠᠷ ᠨᠡᠮᠡᠭᠳᠡᠨ᠂ ᠭᠠᠳᠠᠭᠠᠳᠤ ᠣᠷᠣᠭᠤᠯᠤᠯᠲᠠ 3.74 | ᠳ᠋ᠦᠩᠰᠢᠭᠤᠷ ᠲᠥᠭᠦᠷᠢᠭ ᠲᠤ ᠬᠦᠷᠴᠦ᠂ 34% ᠪᠠᠷ ᠨᠡᠮᠡᠭᠳᠡᠭᠰᠡᠨ ᠪᠠᠶᠢᠨ᠎ᠠ᠃ | ᠠᠷᠠᠯᠵᠢᠶᠠᠨ ᠤ ᠬᠠᠨᠢᠲᠠᠨ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠠᠶᠢᠭᠤᠯᠬᠤ ᠤᠯᠤᠰ ᠬᠦᠷᠦᠨ ᠯᠦᠭᠡ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 5.13 | ᠳ᠋ᠦᠩᠰᠢᠭᠤᠷ ᠲᠥᠭᠦᠷᠢᠭ ᠲᠤ ᠬᠦᠷᠴᠦ᠂ 32.5% ᠪᠠᠷ ᠨᠡᠮᠡᠭᠳᠡᠨ᠂ RCEP ᠶᠢᠨ ᠭᠡᠰᠢᠬᠦᠨ ᠤᠯᠤᠰ ᠯᠤᠭ᠎ᠠ | ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 147 ᠲᠦᠮᠡᠨ ᠲᠥᠭᠦᠷᠢᠭ ᠲᠤ ᠬᠦᠷᠴᠡᠶ᠃ ᠡᠭᠦᠨ ᠳᠤ ᠮᠣᠩᠭᠤᠯ | ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 5.12 ᠳ᠋ᠦᠩᠰᠢᠭᠤᠷ ᠲᠥᠭᠦᠷᠢᠭ ᠲᠤ ᠬᠦᠷᠴᠦ᠂ | 32.1% ᠪᠠᠷ ᠨᠡᠮᠡᠭᠳᠡᠨ᠂ ᠪᠦᠬᠦ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠤᠨ 98. | 8% ᠶᠢ ᠡᠵᠡᠯᠡᠵᠦ᠂ ᠢᠨᠳᠣᠨᠧᠰᠢᠶ᠎ᠠ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 147 ᠲᠦᠮᠡᠨ | ᠲᠥᠭᠦᠷᠢᠭ ᠲᠤ ᠬᠦᠷᠦᠭᠰᠡᠨ ᠪᠠᠶᠢᠨ᠎ᠠ᠃ | ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠭᠤᠤᠯᠳᠠᠭᠤ ᠡᠩ ᠤᠨ ᠠᠷᠠᠯᠵᠢᠶ᠎ᠠ ᠪᠠ ᠬᠢᠯᠢ ᠶᠢᠨ ᠪᠠᠭ᠎ᠠ | ᠬᠡᠮᠵᠢᠶᠡᠨ ᠤ ᠠᠷᠠᠯᠵᠢᠶ᠎ᠠ ᠪᠣᠯᠣᠨ᠎ᠠ᠃ ᠳᠡᠭᠡᠷ᠎ᠡ ᠬᠠᠭᠠᠰ ᠵᠢᠯ ᠳᠤ᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ | ᠪᠠᠭᠲᠠᠬᠤ ᠥᠬᠡᠶ︶ ᠤᠨ ᠡᠩ ᠤᠨ ᠠᠷᠠᠯᠵᠢᠶᠠᠨ ᠤ ᠬᠡᠯᠪᠡᠷᠢ ᠪᠠᠷ ᠤᠷᠤᠭᠤᠯᠵᠤ ᠭᠠᠷᠭᠠᠭᠰᠠᠨ ᠬᠡᠮᠵᠢᠶ᠎ᠡ 5.09 | ᠳ᠋ᠦᠩᠰᠢᠭᠤᠷ ᠲᠥᠭᠦᠷᠢᠭ ᠲᠤ ᠬᠦᠷᠴᠦ᠂ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠬᠡᠯᠪᠡᠷᠢ ᠪᠠᠷ ᠤᠷᠤᠭᠤᠯᠵᠤ | ᠭᠠᠷᠭᠠᠭᠰᠠᠨ ᠬᠡᠮᠵᠢᠶ᠎ᠡ 918 ᠲᠦᠮᠡᠨ ᠲᠥᠭᠦᠷᠢᠭ ᠲᠤ ᠬᠦᠷᠴᠡᠢ ᠃ | ᠭᠠᠳᠠᠭᠠᠳᠤ ᠳᠤ ᠭᠠᠷᠭᠠᠬᠤ ᠭᠤᠣᠯ ᠪᠣᠯᠬᠤ ᠲᠠᠸᠠᠷ ᠨᠢ ᠵᠠᠭᠠᠳᠠᠰᠤ ᠦᠭᠡᠢ ᠪᠣᠯᠣᠳ ᠬᠤᠭᠤᠯᠠᠢ ᠪᠠ ᠴᠢᠷᠦᠭᠦᠯ | ᠲᠡᠷᠭᠡ ᠪᠠᠶᠢᠵᠤ᠂ ᠳᠡᠭᠡᠷ᠎ᠡ ᠬᠠᠭᠠᠰ ᠵᠢᠯ ᠳᠤ 4071 ᠲᠦᠮᠡᠨ ᠲᠥᠭᠦᠷᠢᠭ ᠤᠨ ᠦᠷᠳᠡᠭ ᠪᠦᠬᠦᠢ ᠵᠠᠭᠠᠳᠠᠰᠤ ᠥᠬᠡᠶ | ᠪᠣᠯᠣᠳ ᠬᠤᠭᠤᠯᠠᠶ ᠪᠠ 2969 ᠲᠦᠮᠡᠨ ᠲᠥᠭᠦᠷᠢᠭ ᠤᠨ ᠴᠢᠷᠦᠭᠦᠯ ᠲᠡᠷᠭᠡ ᠶᠢ ᠭᠠᠳᠠᠭᠰᠢ ᠭᠠᠷᠭᠠᠪᠠ᠃ | ᠭᠠᠳᠠᠭᠠᠲᠦ ᠠᠴᠠ ᠤᠷᠤᠭᠤᠯᠬᠤ ᠭᠤᠤᠯ ᠪᠤᠯᠬᠤ ᠲᠠᠸᠠᠷ ᠨᠢ ᠬᠦᠷᠡᠩ ᠨᠡᠭᠦᠷᠡᠰᠦ ᠪᠠ ᠨᠠᠷᠢᠯᠢᠭ ᠴᠠᠶᠢᠷ ᠪᠠᠶᠢᠵᠤ᠂ | ᠳᠡᠭᠡᠷ᠎ᠡ ᠬᠠᠭᠠᠰ ᠵᠢᠯ ᠳᠤ 2.31ᠳ᠋ᠦᠩᠰᠢᠭᠤᠷ ᠲᠥᠭᠦᠷᠢᠭ ᠤᠨ ᠬᠦᠷᠡᠩ ᠨᠡᠭᠦᠷᠡᠰᠦ ᠂ 1.28 ᠳ᠋ᠦᠩᠰᠢᠭᠤᠷ | ᠲᠥᠭᠦᠷᠢᠭ ᠤᠨ ᠨᠠᠷᠢᠯᠢᠭ ᠴᠠᠶᠢᠷ ᠢ ᠭᠠᠳᠠᠭᠠᠳᠤ ᠠᠴᠠ ᠤᠷᠤᠭᠤᠯᠪᠠ᠃ |