ᠬᠤᠩ ᠴᠢ ᠪᠠᠯᠭᠠᠰᠤ ᠦᠶᠡᠷ ᠤᠨ ᠬᠤᠭᠤᠴᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
  ᠪᠥᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ 8 ᠰᠠᠷ᠎ᠠ ᠶᠢᠨ 12 ᠤᠨ ᠡᠳᠦᠷ ᠬᠤᠩ ᠴᠢ ᠪᠠᠯᠭᠠᠰᠤ ᠨᠢ ᠦᠶᠡᠷ ᠤᠨ ᠬᠤᠭᠤᠴᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠲᠣᠰᠬᠤᠨ ᠤ ᠱᠦᠵᠢ᠂ ᠲᠠᠩᠰᠠ ᠮᠡᠳᠡᠭᠦᠯᠦᠭᠴᠢ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠳᠡᠳ᠋ ᠪᠠᠯᠭᠠᠰᠤᠨ ᠳᠠᠷᠤᠭ᠎ᠠ ᠵᠢᠶᠠ ᠶᠠᠨ ᠠᠴᠠ ᠪᠥᠬᠦ ᠪᠠᠯᠭᠠᠰᠤᠨ ᠤ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠠ᠃ ᠬᠤᠷᠠᠯ ᠠᠴᠠ᠂ ᠨᠢᠭᠡ ᠳᠤ ᠡᠯ᠎ᠡ ᠲᠣᠰᠬᠤᠨ  ᠤ ᠬᠢᠨ ᠦᠶᠡᠷ ᠢ ᠰᠡᠷᠭᠡᠶᠢᠯᠡᠬᠦ ᠡᠬᠦᠷᠭᠡ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠴᠠᠭ ᠠᠭᠤᠷ ᠤᠨ ᠰᠡᠷᠡᠮᠵᠢᠯᠡᠭᠦᠯᠦᠯ ᠢ ᠴᠠᠭ ᠲᠤᠬᠠᠶ ᠳᠤᠨᠢ ᠠᠩᠬᠠᠷᠤᠨ᠂ ᠪᠠᠯᠭᠠᠰᠤᠨ ᠤ ᠵᠠᠰᠠᠭ ᠤᠨ ᠣᠷᠳᠣᠨ ᠲᠠᠢ ᠴᠠᠭ ᠢᠮᠠᠭᠲᠠ ᠬᠠᠷᠢᠯᠴᠠᠵᠤ᠂ ᠭᠤᠤᠯᠳᠠᠯᠭ᠎ᠠ ᠲᠠᠢ ᠬᠥᠮᠦᠰ ᠪᠠ ᠭᠤᠤᠯᠳᠠᠯᠭ᠎ᠠ ᠲᠠᠢ ᠭᠠᠵᠠᠷ ᠣᠷᠣᠨ ᠢ ᠣᠶᠢᠯᠠᠭᠠᠵᠤ ᠡᠵᠡᠮᠳᠡᠨ᠂ ᠢᠯᠠᠩᠭᠤᠶ᠎ᠠ ᠲᠠᠷᠢᠮᠠᠯ ᠤᠨ ᠬᠤᠬᠢᠷᠠᠯ ᠳᠤ ᠤᠴᠠᠷᠠᠭᠰᠠᠨ ᠪᠠᠶᠢᠳᠠᠯ ᠢ ᠨᠢᠬᠳᠠ ᠠᠩᠬᠠᠷᠬᠤ ᠬᠡᠷᠡᠭᠲᠡᠶ᠃ ᠣᠨᠴᠠᠭᠠᠢ ᠴᠠᠭ ᠠᠭᠤᠷ ᠤᠨ ᠪᠠᠶᠢᠳᠠᠯ ᠲᠤᠬᠢᠶᠠᠯᠳᠤᠬᠤ ᠳᠤ ᠲᠣᠰᠬᠤᠨ ᠤ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠳᠤᠯᠠᠬᠤ ᠭᠡᠷᠡᠭᠳᠡᠢ᠃ ᠬᠤᠶᠠᠷ ᠲᠤ ᠦᠶᠡᠷ ᠤᠨ ᠬᠤᠭᠤᠴᠠᠭᠠᠨ ᠤ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠴᠢᠮᠡᠭᠡ ᠬᠤᠯᠪᠤᠭ᠎ᠠ ᠴᠠᠭ ᠢᠮᠠᠭᠲᠠ ᠰᠠᠭᠠᠳ ᠥᠬᠡᠶ ᠨᠡᠪᠲᠡᠷᠡᠬᠦ ᠶᠢ ᠪᠠᠳᠤᠯᠠᠨ᠂ ᠦᠶᠡᠷ ᠤᠨ ᠪᠠᠶᠢᠳᠠᠯ ᠲᠣᠬᠢᠶᠠᠯᠳᠤᠪᠠᠯ ᠲᠡᠷᠡ ᠳᠠᠷᠤᠶ ᠳᠤᠨᠢ ᠪᠠᠯᠭᠠᠰᠤᠨ ᠤ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠭᠤᠷᠪᠠ ᠳᠤ ᠭᠡᠷ ᠪᠠᠷᠢᠯᠭ᠎ᠠ ᠪᠠ ᠮᠠᠰᠢᠨ ᠲᠥᠬᠦᠭᠡᠷᠦᠮᠵᠢ ᠶᠢᠨ ᠳᠠᠯᠳᠠ ᠭᠡᠮ ᠢ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠠᠭᠤᠯᠠᠨ ᠦᠶᠡᠷ ᠬᠢᠯᠪᠠᠷᠬᠠᠨ ᠡᠭᠦᠰᠬᠦ ᠣᠷᠣᠨ ᠳᠤ ᠴᠢᠭᠯᠡᠬᠦᠯᠵᠦ ᠢᠯᠡᠷᠬᠡᠶ ᠫᠠᠶᠢᠰᠠ ᠢᠯᠡᠷᠭᠡᠶᠢᠯᠡᠯ ᠪᠤᠰᠬᠠᠵᠤ᠂ ᠠᠶᠤᠯ ᠲᠦᠭᠰᠢᠬᠦᠷᠢ ᠭᠠᠷᠬᠤ ᠠᠴᠠ ᠵᠠᠶᠢᠯᠠᠰᠬᠢᠬᠤ ᠭᠡᠷᠡᠭᠳᠡᠢ᠃ ᠳᠥᠷᠪᠡ ᠳᠤ ᠦᠶᠡᠷ ᠠᠴᠠ ᠰᠡᠷᠭᠡᠶᠢᠯᠡᠬᠦ ᠡᠳ᠋ ᠪᠣᠳᠠᠰ ᠢ ᠤᠷᠢᠳᠴᠢᠯᠠᠨ ᠪᠡᠯᠡᠳᠭᠡᠵᠦ᠂  ᠪᠣᠷᠣᠭᠠᠨ ᠬᠤᠷ᠎ᠠ ᠶᠢᠨ ᠪᠠᠶᠢᠳᠠᠯ ᠢ ᠨᠢᠭᠲᠠ ᠠᠵᠢᠭᠯᠠᠨ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号