ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ 33.8%︕ ᠳᠡᠭᠡᠷ᠎ᠡ ᠬᠠᠭᠠᠰ ᠵᠢᠯ ᠳᠤ ᠰᠢᠯᠢ ᠶᠢᠨ ᠭᠤᠤᠯ ᠠᠶᠢᠮᠠᠭ ᠤᠨ ᠭᠠᠳᠠᠭᠠᠳᠤ ᠠᠷᠠᠯᠵᠢᠶ᠎ᠠ ᠬᠤᠤᠰ ᠨᠡᠮᠡᠭᠳᠡᠯ ᠢ ᠪᠡᠶᠡᠯᠡᠬᠦᠯᠪᠡ
ᠨᠡᠶᠢᠲᠡᠯᠡᠭᠰᠡᠨ ᠴᠠᠭ᠄
2024/8/14
  ᠵᠡᠭᠦᠨ ᠦᠵᠦᠮᠦᠴᠢᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠰᠢᠯᠢ ᠶᠢᠨ ᠭᠤᠣᠯ ᠠᠶᠢᠮᠠᠭ ︵ᠡᠷᠢᠶᠡᠨ ᠬᠤᠲᠠ ᠶᠢ ᠪᠠᠭᠳᠠᠭᠠᠬᠤ ᠦᠭᠡᠢ︶ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ 5.18 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 33.8 % ᠪᠠᠷ ᠨᠡᠮᠡᠭᠳᠡᠵᠡᠢ᠃ ᠡᠭᠦᠨ ᠳᠤ᠂ ᠭᠠᠳᠠᠭᠠᠳᠤ ᠭᠠᠷᠭᠠᠯᠲᠠ 1.44 ᠳ᠋ᠦᠩᠰᠢᠭᠤᠷ ᠲᠥᠭᠦᠷᠢᠭ ᠲᠤ ᠬᠦᠷᠴᠦ᠂ 33.4% ᠪᠠᠷ ᠨᠡᠮᠡᠭᠳᠡᠨ᠂ ᠭᠠᠳᠠᠭᠠᠳᠤ ᠣᠷᠣᠭᠤᠯᠤᠯᠲᠠ 3.74 ᠳ᠋ᠦᠩᠰᠢᠭᠤᠷ ᠲᠥᠭᠦᠷᠢᠭ ᠲᠤ ᠬᠦᠷᠴᠦ᠂ 34% ᠪᠠᠷ ᠨᠡᠮᠡᠭᠳᠡᠭᠰᠡᠨ ᠪᠠᠶᠢᠨ᠎ᠠ᠃    ᠠᠷᠠᠯᠵᠢᠶᠠᠨ ᠤ ᠬᠠᠨᠢᠲᠠᠨ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠤᠯᠤᠰ ᠬᠦᠷᠦᠨ ᠯᠦᠭᠡ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 5.13 ᠳ᠋ᠦᠩᠰᠢᠭᠤᠷ ᠲᠥᠭᠦᠷᠢᠭ ᠲᠤ ᠬᠦᠷᠴᠦ᠂ 32.5% ᠪᠠᠷ ᠨᠡᠮᠡᠭᠳᠡᠨ᠂   RCEP ᠶᠢᠨ ᠭᠡᠰᠢᠬᠦᠨ ᠤᠯᠤᠰ ᠯᠤᠭ᠎ᠠ  ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 147 ᠲᠦᠮᠡᠨ ᠲᠥᠭᠦᠷᠢᠭ ᠲᠤ ᠬᠦᠷᠴᠡᠶ᠃ ᠡᠭᠦᠨ ᠳᠤ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 5.12 ᠳ᠋ᠦᠩᠰᠢᠭᠤᠷ ᠲᠥᠭᠦᠷᠢᠭ ᠲᠤ ᠬᠦᠷᠴᠦ᠂ 32.1% ᠪᠠᠷ ᠨᠡᠮᠡᠭᠳᠡᠨ᠂ ᠪᠦᠬᠦ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠤᠨ 98.8% ᠶᠢ ᠡᠵᠡᠯᠡᠵᠦ᠂ ᠢᠨᠳᠣᠨᠧᠰᠢᠶ᠎ᠠ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 147 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃    ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠭᠤᠤᠯᠳᠠᠭᠤ ᠡᠩ ᠤᠨ ᠠᠷᠠᠯᠵᠢᠶ᠎ᠠ ᠪᠠ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶ᠎ᠠ ᠪᠣᠯᠣᠨ᠎ᠠ᠃ ᠳᠡᠭᠡᠷ᠎ᠡ ᠬᠠᠭᠠᠰ ᠵᠢᠯ ᠳᠤ᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠪᠠᠭᠲᠠᠬᠤ ᠥᠬᠡᠶ︶ ᠤᠨ ᠡᠩ ᠤᠨ ᠠᠷᠠᠯᠵᠢᠶᠠᠨ ᠤ ᠬᠡᠯᠪᠡᠷᠢ ᠪᠠᠷ ᠤᠷᠤᠭᠤᠯᠵᠤ ᠭᠠᠷᠭᠠᠭᠰᠠᠨ ᠬᠡᠮᠵᠢᠶ᠎ᠡ 5.09 ᠳ᠋ᠦᠩᠰᠢᠭᠤᠷ ᠲᠥᠭᠦᠷᠢᠭ ᠲᠤ ᠬᠦᠷᠴᠦ᠂ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠬᠡᠯᠪᠡᠷᠢ ᠪᠠᠷ ᠤᠷᠤᠭᠤᠯᠵᠤ ᠭᠠᠷᠭᠠᠭᠰᠠᠨ ᠬᠡᠮᠵᠢᠶ᠎ᠡ  918 ᠲᠦᠮᠡᠨ ᠲᠥᠭᠦᠷᠢᠭ ᠲᠤ ᠬᠦᠷᠴᠡᠢ  ᠃    ᠭᠠᠳᠠᠭᠠᠳᠤ ᠳᠤ ᠭᠠᠷᠭᠠᠬᠤ ᠭᠤᠣᠯ ᠪᠣᠯᠬᠤ ᠲᠠᠸᠠᠷ ᠨᠢ ᠵᠠᠭᠠᠳᠠᠰᠤ ᠦᠭᠡᠢ ᠪᠣᠯᠣᠳ ᠬᠤᠭᠤᠯᠠᠢ ᠪᠠ ᠴᠢᠷᠦᠭᠦᠯ ᠲᠡᠷᠭᠡ ᠪᠠᠶᠢᠵᠤ᠂ ᠳᠡᠭᠡᠷ᠎ᠡ ᠬᠠᠭᠠᠰ ᠵᠢᠯ ᠳᠤ 4071 ᠲᠦᠮᠡᠨ ᠲᠥᠭᠦᠷᠢᠭ ᠤᠨ ᠦᠷᠳᠡᠭ ᠪᠦᠬᠦᠢ ᠵᠠᠭᠠᠳᠠᠰᠤ ᠥᠬᠡᠶ ᠪᠣᠯᠣᠳ ᠬᠤᠭᠤᠯᠠᠶ  ᠪᠠ 2969 ᠲᠦᠮᠡᠨ ᠲᠥᠭᠦᠷᠢᠭ ᠤᠨ ᠴᠢᠷᠦᠭᠦᠯ ᠲᠡᠷᠭᠡ ᠶᠢ ᠭᠠᠳᠠᠭᠰᠢ ᠭᠠᠷᠭᠠᠪᠠ᠃ ᠭᠠᠳᠠᠭᠠᠲᠦ ᠠᠴᠠ ᠤᠷᠤᠭᠤᠯᠬᠤ ᠭᠤᠤᠯ ᠪᠤᠯᠬᠤ ᠲᠠᠸᠠᠷ ᠨᠢ ᠬᠦᠷᠡᠩ ᠨᠡᠭᠦᠷᠡᠰᠦ ᠪᠠ ᠨᠠᠷᠢᠯᠢᠭ ᠴᠠᠶᠢᠷ ᠪᠠᠶᠢᠵᠤ᠂ ᠳᠡᠭᠡᠷ᠎ᠡ ᠬᠠᠭᠠᠰ ᠵᠢᠯ ᠳᠤ 2.31ᠳ᠋ᠦᠩᠰᠢᠭᠤᠷ ᠲᠥᠭᠦᠷᠢᠭ ᠤᠨ ᠬᠦᠷᠡᠩ ᠨᠡᠭᠦᠷᠡᠰᠦ  ᠂ 1.28 ᠳ᠋ᠦᠩᠰᠢᠭᠤᠷ ᠲᠥᠭᠦᠷᠢᠭ ᠤᠨ ᠨᠠᠷᠢᠯᠢᠭ ᠴᠠᠶᠢᠷ ᠢ ᠭᠠᠳᠠᠭᠠᠳᠤ ᠠᠴᠠ ᠤᠷᠤᠭᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号