︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠬᠦ︾ ᠠᠵᠢᠯᠯᠠᠭᠠᠨ ᠤ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠬᠤᠷᠠᠯ ᠠᠮᠵᠢᠯᠲᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2024/8/15
  8 ᠰᠠᠷ᠎ᠠ ᠶᠢᠨ 12 ᠤᠨ ᠡᠳᠦᠷ ᠠᠴᠠ 8 ᠰᠠᠷ᠎ᠠ ᠶᠢᠨ 14 ᠤ ᠡᠳᠦᠷ ᠪᠣᠯᠲᠠᠯ᠎ᠠ᠂ ᠰᠢᠯᠢ ᠶᠢᠨ ᠭᠤᠤᠯ ᠠᠶᠢᠮᠠᠭ ᠤᠨ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠦᠭᠵᠢᠬᠦᠯᠬᠦ︾ ᠠᠵᠢᠯᠯᠠᠭᠠᠨ ᠤ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠬᠤᠷᠠᠯ ᠰᠢᠯᠤᠭᠤᠨ ᠬᠥᠪᠡᠭᠡᠲᠦ ᠴᠠᠭᠠᠨ ᠬᠤᠰᠢᠭᠤ ᠪᠣᠯᠤᠨ ᠲᠠᠶᠢᠹᠦᠰᠧ ᠬᠤᠰᠢᠭᠤᠨ ᠳᠤ ᠠᠮᠵᠢᠯᠲᠠ ᠲᠠᠢ ᠶᠠᠪᠤᠭᠳᠠᠪᠠ᠃  ᠬᠤᠷᠠᠯ ᠤᠨ ᠬᠤᠭᠤᠴᠠᠭᠠᠨ ᠳᠤ ᠤᠯᠠᠨ ᠢᠶᠠᠷ ᠢᠶᠠᠨ ᠭᠠᠴᠠᠭ᠎ᠠ ᠲᠣᠰᠬᠤᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠳᠠᠯ ᠤᠨ ᠲᠣᠭᠲᠠᠴᠠ ᠨᠢ ᠰᠠᠶᠢᠨ᠂  ᠮᠠᠯᠴᠢᠨ ᠲᠠᠷᠢᠶᠠᠴᠢᠨ ᠲᠠᠢ ᠬᠤᠯᠪᠣᠭᠠᠯᠠᠵᠤ ᠮᠠᠯᠴᠢᠨ ᠲᠠᠷᠢᠶᠠᠴᠢᠨ ᠢ ᠲᠠᠶᠢᠴᠢᠯᠠᠭᠰᠠᠨ ᠦᠷ᠎ᠡ ᠪᠦᠲᠦᠮᠵᠢ   ᠨᠢ ᠰᠠᠶᠢᠨ᠂ ᠠᠷᠠᠳ ᠤᠯᠠᠨ ᠢ ᠲᠠᠶᠢᠴᠢᠯᠠᠵᠤ ᠠᠰᠢᠭ ᠣᠷᠣᠯᠭ᠎ᠠ ᠶᠢ ᠨᠡᠮᠡᠭᠳᠡᠭᠦᠯᠦᠭᠰᠡᠨ ᠦᠷ᠎ᠡ ᠪᠦᠲᠦᠮᠵᠢ ᠪᠠᠷ ᠰᠠᠶᠢᠨ ᠪᠠᠶᠢᠭ᠎ᠠ ᠬᠡᠰᠡᠭ ᠭᠠᠴᠠᠭ᠎ᠠ ᠲᠣᠰᠬᠤᠨ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠪᠦᠲᠦᠭᠡᠭᠳᠡᠬᠦᠨ ᠤ ᠰᠤᠳᠤᠯᠭ᠎ᠠ ᠨᠡᠬᠡᠬᠡᠯᠳᠡ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠳᠠᠯ  ᠵᠡᠷᠭᠡ  ᠶᠢ ᠪᠥᠬᠦ ᠲᠠᠯ᠎ᠠ ᠪᠠᠷ ᠤᠶᠢᠯᠠᠭᠠᠨ᠂ ᠭᠠᠴᠠᠭ᠎ᠠ ᠲᠣᠰᠬᠤᠨ ᠪᠠ ᠠᠵᠤ ᠠᠬᠤᠶᠢᠯᠠᠯ ᠤᠨ ᠬᠠᠮᠵᠢᠯᠴᠠᠭ᠎ᠠ ᠵᠢᠴᠢ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠲᠤᠷᠰᠢᠯᠭ᠎ᠠ ᠶᠢ ᠰᠤᠷᠤᠯᠴᠠᠭᠰᠠᠨ ᠪᠠᠶᠢᠨ᠎ᠠ᠃ 14 ᠤ ᠡᠳᠦᠷ᠂ ᠠᠬᠤᠢ ᠲᠠᠯᠠᠪᠠᠢ ᠶᠢᠨ ᠰᠣᠯᠢᠯᠴᠠᠭᠠᠨ ᠤ ᠬᠤᠷᠠᠯ ᠲᠠᠶᠢᠹᠤᠰᠧ ᠬᠤᠰᠢᠭᠤᠨ ᠳᠤ ᠶᠠᠪᠤᠭᠳᠠᠵᠤ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠧᠤ ᠰᠢᠶᠠᠨ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠰᠡᠴᠡᠨᠴᠣᠭᠲᠤ᠂ ᠢᠦᠶ ᠴᠧᠩ ᠭᠦᠸᠧ ᠬᠤᠷᠠᠯ ᠳᠤ ᠣᠷᠣᠯᠴᠠᠪᠠ᠃  ᠬᠤᠷᠠᠯ ᠲᠡᠭᠡᠷ᠎ᠡ᠂ ᠠᠶᠢᠮᠠᠭ ᠤᠨ ᠲᠠᠰ ᠤᠨ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠬᠦ︾ ᠠᠵᠢᠯᠯᠠᠭᠠᠨ ᠤ ᠲᠡᠷᠢᠭᠦᠨ ᠤ ᠨᠡᠶᠢᠲᠡᠯᠢᠭ ᠵᠢᠱᠢᠶ᠎ᠡ ᠪᠤᠯᠬᠤ 6 ᠣᠷᠣᠨ ᠪᠦᠰᠡ ᠨᠡᠶᠢᠲᠡᠯᠢᠭ ᠵᠢᠱᠢᠶ᠎ᠡ᠂ 3 ᠪᠠᠶᠢᠭᠤᠯᠤᠮᠵᠢ ᠶᠢᠨ ᠨᠡᠶᠢᠲᠡᠯᠢᠭ ᠵᠢᠱᠢᠶ᠎ᠡ  ᠪᠤᠯᠤᠨ 26 ᠲᠥᠷᠥᠯ ᠵᠦᠢᠯ ᠤᠨ ᠨᠡᠶᠢᠲᠡᠯᠢᠭ ᠵᠢᠱᠢᠶ᠎ᠡ ᠳᠤ ᠫᠠᠶᠢᠰᠠ ᠣᠯᠭᠤᠵᠤ ᠬᠥᠬᠢᠭᠦᠯᠦᠨ ᠰᠠᠶᠢᠰᠢᠶᠠᠵᠠᠢ ︵ᠡᠭᠦᠨ ᠳᠤ ᠲᠠᠶᠢᠹᠤᠰᠧ ᠬᠤᠰᠢᠭᠤᠨ ᠤ 3 ᠠᠵᠤ ᠠᠬᠤᠶᠢᠯᠠᠯ᠂ 1 ᠲᠣᠰᠬᠤᠨ ᠪᠤᠢ︶᠃ ᠫᠠᠶᠢᠰᠠ ᠣᠯᠭᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠠᠴᠠ ᠰᠠᠨᠠᠯ ᠢᠶᠠᠨ ᠰᠤᠯᠢᠯᠴᠠᠬᠤ ᠶᠠᠷᠢᠶ᠎ᠠ ᠲᠠᠯᠪᠢᠵᠤ᠂ ᠠᠵᠢᠯ ᠤᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ᠂ ᠠᠵᠢᠯ ᠤᠨ ᠠᠷᠭ᠎ᠠ ᠲᠤᠷᠰᠢᠯᠭ᠎ᠠ ᠪᠠᠨ ᠬᠤᠪᠢᠶᠠᠯᠴᠠᠭᠰᠠᠨ ᠪᠠᠶᠢᠨ᠎ᠠ᠃ ᠡᠨᠡ ᠬᠤᠭᠤᠴᠠᠭᠠᠨ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠰᠢᠯᠢ ᠶᠢᠨ ᠭᠤᠤᠯ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠤᠯ ᠬᠤᠪᠢᠶᠠᠷᠢ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠲᠤᠰᠪᠤᠷᠢ ᠮᠥᠩᠭᠦᠨ ᠬᠦᠢᠯᠭᠡᠭᠡᠨ ᠤ ᠪᠦᠳᠦᠭᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ᠃ ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠯᠴᠠᠨ ᠰᠤᠷᠤᠯᠴᠠᠵᠤ ᠬᠠᠮᠲᠤ ᠪᠠᠷ ᠪᠠᠶᠢᠭᠤᠯᠬᠤ ᠶᠢ ᠪᠠᠷᠢᠮᠲᠠᠯᠠᠨ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠲᠠᠶᠢᠹᠤᠰᠧ ᠬᠤᠰᠢᠭᠤ ᠬᠤᠶᠠᠷ ᠭᠠᠵᠠᠷ ᠤᠨ ᠣᠨᠴᠠᠯᠢᠭ ᠲᠠᠢ ᠭᠡᠪ ᠵᠠᠭᠪᠤᠷ ᠪᠠ ᠠᠷᠭ᠎ᠠ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠦᠭᠵᠢᠬᠦᠯᠬᠦ︾ ᠠᠵᠢᠯᠯᠠᠭᠠᠨ ᠤ ᠬᠦᠨᠵᠡᠬᠡᠶᠢᠷᠡᠵᠦ ᠪᠣᠳᠠᠲᠠᠶᠢᠵᠢᠬᠤ ᠶᠢ ᠴᠢᠨᠠᠭᠰᠢᠳᠠ ᠠᠬᠢᠭᠤᠯᠬᠤ ᠬᠡᠷᠡᠭᠲᠡᠢ᠃  ᠬᠠᠮᠳᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠬᠠᠨᠳᠤᠭᠰᠠᠨ ᠦᠢᠯᠡᠴᠢᠯᠡᠭᠡ ᠵᠢᠯᠤᠭᠤᠳᠤᠯᠭ᠎ᠠ ᠶᠢ ᠰᠢᠯᠢᠳᠡᠭᠵᠢᠬᠦᠯᠦᠨ᠂ ᠳᠡᠭᠡᠳᠦ ᠲᠤᠤᠷᠠᠳᠤ ᠱᠠᠳᠤ ᠬᠤᠯᠪᠤᠭᠠᠯᠠᠭᠰᠠᠨ᠂  ᠲᠠᠯ᠎ᠠ ᠲᠠᠯ᠎ᠠ ᠠᠴᠠ ᠠᠬᠢᠭᠤᠯᠤᠭᠰᠠᠨ᠂  ᠲᠠᠶᠠᠭᠠᠷ ᠤᠯᠠᠨ ᠢᠶᠠᠷ ᠢᠶᠠᠨ ᠬᠦᠳᠡᠯᠦᠯᠴᠡᠭᠰᠡᠨ ᠰᠠᠶᠢᠨ ᠰᠠᠶᠢᠬᠠᠨ ᠪᠠᠶᠢᠳᠠᠯ ᠢ  ᠪᠤᠢ ᠪᠣᠯᠭᠠᠬᠤ ᠬᠡᠷᠡᠭᠲᠡᠢ  ᠬᠡᠵᠦ ᠴᠢᠬᠤᠯᠠᠴᠢᠯᠠᠭᠰᠠᠨ ᠪᠠᠶᠢᠨ᠎ᠠ᠃ ᠰᠢᠯᠢ ᠶᠢᠨ ᠭᠤᠤᠯ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠰᠢᠯᠢ ᠶᠢᠨ ᠭᠤᠤᠯ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠤᠯ ᠬᠤᠪᠢᠶᠠᠷᠢ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠱᠦᠵᠢ᠂ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠬᠦ︾  ᠠᠵᠢᠯᠯᠠᠭᠠᠨ ᠤ ᠠᠶᠢᠮᠠᠭ ᠤᠨ ᠲᠡᠰ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠲᠥᠯᠥᠭᠡᠯᠡᠭᠴᠢ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 80 ᠬᠥᠮᠦᠨ ᠡᠨᠡ ᠤᠳᠠᠭᠠᠨ ᠤ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号