8 ᠰᠠᠷ᠎ᠠ ᠶᠢᠨ 14 ᠤ ᠡᠳᠦᠷ᠂ ᠶᠦᠩ ᠹᠧᠩ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠵᠤ᠂ ᠡᠯ᠎ᠡ | ᠲᠦᠷᠦᠯ ᠤᠨ ᠠᠵᠢᠯ ᠤᠨ ᠪᠠᠶᠢᠷᠢ ᠠᠴᠠ ᠪᠠᠨ ᠢᠷᠡᠭᠰᠡᠨ 44 ᠠᠷᠠᠳ ᠤᠨ ᠲᠥᠯᠥᠭᠡᠯᠡᠭᠴᠢ ᠪᠦᠬᠦ ᠪᠠᠯᠭᠠᠰᠤᠨ ᠤ | ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠦᠯᠢᠶᠡᠨ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠰᠡᠳᠬᠢᠯᠭᠡ | ᠪᠣᠯᠤᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠭᠡᠷᠡᠭᠵᠢᠬᠦᠯᠦᠨ᠂ ᠬᠥᠭᠵᠢᠯᠲᠡ ᠶᠢᠨ ᠪᠤᠳᠤᠯᠭ᠎ᠠ ᠶᠢ | ᠬᠠᠮᠲᠤᠪᠠᠷ ᠵᠥᠪᠯᠡᠵᠦ᠂ ᠠᠷᠠᠳ ᠢ ᠪᠠᠶᠠᠵᠢᠭᠤᠯᠬᠤ ᠠᠷᠭ᠎ᠠ ᠤᠬᠠᠭᠠᠨ ᠢ ᠬᠠᠮᠲᠤᠪᠠᠷ ᠰᠦᠪᠡᠭᠴᠢᠯᠡᠪᠡ᠃ ᠶᠡᠭᠡ | ᠬᠤᠷᠠᠯ ᠠᠴᠠ ︽ᠶᠦᠩ ᠹᠧᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2024 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ | ᠲᠣᠳᠣᠷᠬᠠᠶᠢᠯᠠᠯᠲᠠ︾ ᠶᠢ ᠰᠣᠨᠣᠰᠴᠤ᠂ ︽ᠶᠦᠩ ᠹᠧᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠲᠤᠬᠠᠢ ᠮᠡᠳᠡᠭᠦᠯᠦᠯᠲᠡ ︵ᠲᠥᠰᠦᠯ︶ | ︾ ᠶᠢ ᠬᠢᠨᠠᠨ ᠵᠦᠪᠯᠡᠵᠦ ᠪᠠᠳᠤᠯᠠᠭᠰᠠᠨ ᠪᠦᠭᠡᠳ ᠡᠯ᠎ᠡ ᠲᠥᠯᠥᠭᠡᠯᠡᠭᠴᠢᠳ ᠤᠨ ᠪᠦᠯᠬᠦᠮ ᠨᠢ ᠪᠠᠰᠠ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠦᠨᠡᠯᠡᠯᠲᠡ ᠬᠢᠵᠡᠢ᠃ | ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠦᠬᠦ ᠲᠥᠯᠥᠭᠡᠯᠡᠭᠴᠢᠳ ᠪᠣᠯᠤᠨ ᠬᠤᠷᠠᠯ ᠳᠤ | ᠣᠷᠣᠯᠴᠠᠭᠰᠠᠳ ᠤᠨ ᠬᠠᠮᠲᠤ ᠶᠢᠨ ᠴᠢᠷᠮᠠᠶᠢᠯᠭ᠎ᠠ ᠪᠠᠷ᠂ ᠶᠦᠩ ᠹᠧᠩ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠨᠢ ᠵᠥᠪᠯᠡᠬᠦ ᠵᠦᠢᠯ | ᠤᠳ ᠢᠶᠠᠨ ᠲᠡᠭᠦᠰ ᠠᠮᠵᠢᠯᠲᠠ ᠲᠠᠢ ᠪᠡᠶᠡᠯᠡᠬᠦᠯᠦᠭᠡᠳ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ | ᠠᠶᠠᠰ ᠳᠤᠮᠳᠠ ᠠᠮᠵᠢᠯᠲᠠ ᠲᠠᠢ ᠲᠡᠭᠦᠰᠪᠡ᠃ |