ᠪᠥᠬᠦ ᠬᠤᠰᠢᠭᠤᠨ ᠤ ᠦᠨᠳᠦᠰᠦᠨ ᠱᠠᠲᠤᠨ ᠤ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠴᠢᠨᠠᠭᠰᠢᠳᠠ | ᠲᠡᠭᠡᠭᠰᠢᠯᠡᠬᠦᠯᠵᠦ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢ ᠲᠤᠳᠠᠭᠳᠠᠵᠤ ᠡᠮ | ᠳᠤᠲᠠᠭᠳᠠᠵᠤ ᠪᠠᠶᠢᠭ᠎ᠠ ᠪᠠᠶᠢᠳᠠᠯ ᠢ ᠰᠠᠶᠢᠵᠢᠷᠠᠭᠤᠯᠤᠨ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢ ᠠᠬᠢᠭᠤᠯᠬᠤ | ᠶᠢᠨ ᠲᠦᠯᠦᠭᠡ᠂ 7 ᠰᠠᠷ᠎ᠠ ᠳᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ︽ ᠰᠤᠮᠤ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠲᠣᠭᠤᠷᠢᠨ ᠡᠮᠴᠢᠯᠡᠬᠦ ᠠᠵᠢᠯ ᠤᠨ ᠲᠦᠰᠦᠪ ︵ | ᠲᠤᠷᠰᠢᠨ ᠬᠡᠷᠡᠭᠵᠢᠭᠦᠯᠬᠦ︶︾ ᠢ ᠨᠡᠶᠢᠳᠡᠯᠡᠵᠦ᠂ ᠪᠥᠬᠦ ᠬᠤᠰᠢᠭᠤᠨ ᠤ 11 ᠰᠠᠭᠤᠷᠢ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠨᠢ ᠬᠤᠶᠠᠷ ᠭᠠᠷᠠᠭ ᠲᠤ ᠨᠢᠭᠡ ᠤᠳᠠᠭ᠎ᠠ ᠬᠠᠷᠢᠶ᠎ᠠ ᠣᠷᠣᠨ ᠤ ᠪᠠᠨ ᠭᠠᠴᠠᠭ᠎ᠠ ᠲᠣᠰᠬᠤᠨ ᠳᠤ | ᠨᠢᠭᠡ ᠤᠳᠠᠭ᠎ᠠ ᠭᠠᠴᠠᠭ᠎ᠠ ᠲᠤᠰᠬᠤᠨ ᠳᠤ ᠬᠦᠨᠵᠡᠬᠡᠶᠢᠷᠡᠵᠦ ᠲᠤᠭᠤᠷᠢᠨ ᠡᠮᠴᠢᠯᠡᠬᠦ ᠦᠢᠯᠡᠴᠢᠯᠡᠭᠡ ᠬᠢᠬᠦ ᠪᠠᠷ | ᠲᠤᠭᠳᠠᠵᠠᠢ ᠃ ᠲᠣᠭᠤᠷᠢᠨ ᠡᠮᠴᠢᠯᠡᠬᠦ ᠠᠭᠤᠯᠭ᠎ᠠ ᠳᠤ ᠬᠡᠷ ᠪᠦᠯᠢ ᠶᠢᠨ ᠡᠮᠴᠢ ᠶᠢᠨ ᠭᠡᠷ᠎ᠡ ᠲᠤᠭᠳᠠᠭᠰᠠᠨ | ᠦᠢᠯᠡᠴᠢᠯᠡᠭᠡ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ᠂ ᠡᠪᠡᠳᠴᠢᠨ ᠲᠠᠬᠤᠯ ᠤᠨ ᠡᠮᠴᠢᠯᠡᠭᠡ᠂ ᠡᠷᠡᠭᠦᠯ ᠮᠡᠨᠳᠦ ᠶᠢᠨ ᠬᠥᠮᠦᠵᠢᠯ ᠵᠡᠷᠭᠡ ᠣᠯᠠᠨ ᠲᠠᠯ᠎ᠠ ᠶᠢᠨ | ᠠᠭᠤᠯᠭ᠎ᠠ ᠶᠢ ᠪᠠᠭᠳᠠᠭᠠᠪᠠ᠃ ᠲᠣᠭᠤᠷᠢᠨ ᠡᠮᠴᠢᠯᠡᠬᠦ ᠪᠠᠷ ᠲᠠᠮᠵᠢᠭᠠᠳ᠂ ᠡᠯ᠎ᠡ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠤᠨ ᠣᠨᠣᠰᠢᠯᠠᠨ ᠡᠮᠨᠡᠬᠦ ᠴᠢᠳᠠᠪᠤᠷᠢ ᠶᠢ ᠴᠢᠩᠭᠠᠷᠠᠭᠤᠯᠵᠤ᠂ ᠮᠡᠷᠭᠡᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠡᠷᠡᠭᠦᠯ | ᠮᠡᠨᠳᠦ ᠶᠢᠨ ᠦᠵᠡᠯ ᠤᠬᠠᠮᠰᠠᠷ ᠢ ᠨᠡᠮᠡᠭᠳᠡᠬᠦᠯᠦᠭᠰᠡᠨ ᠪᠦᠭᠡᠳ ᠦᠨᠳᠦᠰᠦᠨ ᠱᠠᠲᠤᠨ ᠤ ᠣᠯᠠᠨ ᠲᠦᠮᠡᠨ ᠤ ᠡᠪᠡᠳᠴᠢᠨ | ᠦᠵᠡᠭᠦᠯᠬᠦ ᠳᠤ ᠬᠦᠴᠢᠷᠲᠡᠶ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠳᠤ ᠰᠢᠯᠢᠳᠡᠭ ᠰᠠᠶᠢᠨ ᠡᠮᠨᠡᠯᠬᠡ ᠶᠢᠨ | ᠦᠢᠯᠡᠴᠢᠯᠡᠭᠡ ᠶᠢ ᠬᠦᠷᠭᠡᠵᠡᠢ᠃ ᠡᠭᠦᠨ ᠠᠴᠠ ᠭᠠᠳᠠᠨ᠎ᠠ᠂ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ ᠨᠢ ᠲᠣᠭᠤᠷᠢᠨ | ᠡᠮᠴᠢᠯᠡᠬᠦ ᠪᠠᠷ ᠲᠠᠮᠵᠢᠭᠠᠳ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠴᠤᠭᠯᠠᠭᠤᠯᠵᠤ᠂ | ᠡᠷᠡᠭᠦᠯ ᠬᠠᠮᠠᠭᠠᠯᠠᠯ ᠤᠨ ᠬᠤᠷᠢᠶᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠳᠤ ᠴᠢᠬᠤᠯᠠ ᠦᠨᠳᠦᠰᠦᠯᠡᠯ | ᠬᠠᠩᠭᠠᠭᠰᠠᠨ ᠪᠠᠶᠢᠨ᠎ᠠ᠃ ᠣᠲᠣ ᠪᠣᠯᠲᠠᠯ᠎ᠠ᠂ ᠨᠡᠶᠢᠲᠡ 258 ᠬᠦᠮᠦᠨ ᠳᠤ ᠦᠢᠯᠡᠴᠢᠯᠡᠵᠦ 158 ᠬᠥᠮᠦᠨ ᠤᠳᠠᠭ᠎ᠠ | ᠳᠤ ᠡᠮ ᠨᠠᠶᠢᠷᠠᠭᠤᠯᠵᠤ ᠦᠭᠬᠦᠭᠰᠡᠨ ᠪᠦᠭᠡᠳ ᠡᠷᠡᠭᠦᠯ ᠮᠡᠨᠳᠦ ᠶᠢᠨ ᠤᠬᠠᠭᠤᠯᠭ᠎ᠠ ᠲᠠᠶᠢᠯᠤᠮᠵᠢ ᠶᠢ 11 ᠤᠳᠠᠭ᠎ᠠ | ᠥᠷᠨᠢᠭᠦᠯᠪᠡ᠃ |