ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠦᠵᠡᠯ ᠰᠠᠨᠠᠭ᠎ᠠ ᠶᠢ ᠤᠯᠠᠮ ᠭᠦᠨᠵᠡᠭᠡᠢ ᠰᠤᠷᠤᠯᠴᠠᠨ ᠣᠶᠢᠯᠠᠭᠠᠵᠤ᠂ ︽ᠨᠠᠮ ᠤᠨ ᠢᠶᠠᠨ ᠠᠴᠢ ᠳᠤ | ᠲᠠᠯᠠᠷᠬᠠᠵᠤ᠂ ᠨᠠᠮ ᠤᠨ ᠢᠶᠠᠨ ᠦᠭᠡ ᠶᠢ ᠰᠤᠨᠤᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠤᠯᠠᠨ ᠲᠦᠮᠡᠨᠴᠢ | ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ ᠪᠠᠶᠢᠩᠭᠤᠵᠢᠨ ᠥᠷᠨᠢᠬᠦ ᠶᠢ ᠠᠬᠢᠭᠤᠯᠬᠤ ᠶᠢᠨ ᠲᠥᠯᠥᠭᠡ᠂ 8 | ᠰᠠᠷ᠎ᠠ ᠶᠢᠨ 16 ᠤ ᠡᠳᠦᠷ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ | 2024 ᠣᠨ ᠤ 11 ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠵᠢᠴᠢ ︽ | ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠤᠨᠤᠰᠴᠤ᠂ ᠨᠠᠮ ᠢᠶᠠᠨ ᠲᠠᠭᠠᠵᠤ | ᠤᠷᠤᠭᠰᠢᠯᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠲᠡᠭᠡᠷ᠎ᠡ ᠠᠶᠢᠮᠠᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᡁᠢ ᠭᠦᠸᠧ ᠶᠢ ᠤᠷᠢᠵᠤ ︽ᠳᠡᠯᠡᠬᠡᠢ ᠶᠢᠨ | ᠬᠡᠪᠴᠢᠶᠡᠨ ᠳᠠᠬᠢ ᠦᠨᠳᠦᠰᠦᠲᠡᠨ ᠤ ᠠᠰᠠᠭᠤᠳᠠᠯ᠂ ᠮᠠᠨ ᠤ ᠤᠯᠤᠰ ᠤᠨ ᠣᠯᠠᠨ ᠦᠨᠳᠦᠰᠦᠲᠡᠨ ᠲᠠᠢ ᠤᠯᠤᠰ | ᠬᠦᠷᠦᠨ ᠤ ᠦᠨᠳᠦᠰᠦᠨ ᠪᠠᠶᠢᠳᠠᠯ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ | ᠰᠢᠢᠳᠪᠦᠷᠢᠯᠡᠬᠦ ᠵᠥᠪ ᠵᠠᠮ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠨ | ᠲᠡᠭᠦᠯᠳᠡᠷᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ | ᠦᠪᠦᠷ ᠮᠤᠩᠭᠤᠯ ᠳᠠᠬᠢ ᠠᠮᠢᠳᠤ ᠦᠢᠯᠡᠳᠦᠯᠭᠡ︾ ᠬᠡᠮᠡᠬᠦ ᠲᠠᠪᠤᠨ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠪᠦᠬᠦ ᠲᠠᠯ᠎ᠠ ᠶᠢᠨ ᠰᠢᠰᠲ᠋ᠧᠮ ᠲᠠᠢ ᠲᠠᠶᠢᠯᠤᠮᠵᠢ | ᠬᠢᠯᠬᠡᠵᠡᠢ᠃ ᠡᠨᠡ ᠤᠳᠠᠭᠠᠨ ᠤ ᠪᠤᠯᠪᠠᠰᠤᠷᠠᠯ ᠨᠢ ᠤᠳᠤᠬᠠᠨ ᠤ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ | ᠰᠢᠨ᠎ᠡ ᠪᠠᠶᠢᠳᠠᠯ ᠰᠢᠨ᠎ᠡ ᠥᠷᠢᠰᠦᠯᠳᠦᠭᠡᠨ ᠳᠤ ᠵᠠᠳᠠᠯᠤᠯᠳᠠ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠪᠠᠲᠤᠳᠬᠠᠬᠤ᠂ ᠰᠢᠨ᠎ᠡ ᠴᠠᠭ ᠦᠶ᠎ᠡ ᠶᠢᠨ ᠦᠨᠳᠦᠰᠦᠳᠡᠨ ᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ | ᠶᠤᠮ᠃ ᠪᠣᠯᠪᠠᠰᠤᠷᠠᠯ ᠢ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ᠂ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠪᠦᠬᠦ ᠬᠤᠰᠢᠭᠤᠨ ᠤ ᠳᠡᠳ᠋ | ᠰᠠᠯᠠᠭᠠᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠪᠠ᠃ |