︽ᠳᠤᠮᠳᠠᠳᠤ ᠤᠯᠤᠰ ᠤᠨ ᠡᠮᠴᠢ ᠶᠢᠨ ᠪᠠᠶᠠᠷ︾ ᠢ ᠪᠡᠯᠭᠡᠯᠡᠨ᠂ ︽ᠠᠮᠢ ᠨᠠᠰᠤ ᠶᠢ ᠡᠷᠬᠢᠮᠨᠡᠨ ᠲᠡᠭᠡᠳᠦᠯᠡᠬᠦ᠂ | ᠦᠬᠦᠯ ᠰᠢᠷᠬᠠᠳᠤᠯ ᠠᠴᠠ ᠠᠪᠤᠷᠠᠨ ᠲᠡᠩᠬᠡᠷᠡᠭᠦᠯᠬᠦ᠂ ᠦᠨᠡᠨ ᠰᠡᠳᠬᠢᠯ ᠠᠴᠠ ᠪᠠᠨ ᠬᠤᠪᠢ ᠨᠡᠮᠡᠷᠢ ᠦᠵᠡᠭᠦᠯᠬᠦ᠂ | ᠦᠯᠡᠮᠵᠢ ᠶᠢᠨ ᠬᠠᠶᠢᠷ᠎ᠠ ᠪᠠᠨ ᠬᠠᠷᠠᠮ ᠦᠬᠡᠢ ᠡᠷᠭᠦᠬᠦ︾ ᠡᠷᠬᠢᠮ ᠳᠡᠭᠡᠳᠦ ᠠᠵᠢᠯ ᠮᠡᠷᠭᠡᠵᠢᠯ ᠤᠨ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠠᠷᠠᠳ ᠣᠯᠠᠨ ᠤ ᠡᠷᠡᠭᠦᠯ ᠮᠡᠨᠳᠦ ᠶᠢᠨ ᠤᠬᠠᠮᠰᠠᠷ ᠢᠶᠠᠨ ᠳᠡᠭᠡᠭᠰᠢᠯᠡᠭᠦᠯᠦᠨ᠂ ᠡᠷᠡᠭᠦᠯ | ᠮᠡᠨᠳᠦ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 8 ᠰᠠᠷ᠎ᠠ ᠶᠢᠨ 19 ᠤ ᠡᠳᠦᠷ ᠲᠠᠶᠢᠹᠤᠰᠧ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ ᠨᠢ ᠡᠯ᠎ᠡ ᠰᠠᠯᠠᠭᠠᠨ ᠤ ᠭᠤᠣᠯᠯᠠᠭᠴᠢ ᠬᠦᠴᠦᠨ ᠢᠶᠠᠷ ᠪᠦᠷᠢᠯᠳᠦᠭᠰᠡᠨ ᠰᠠᠶᠢᠨ | ᠲᠤᠷ᠎ᠠ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ ᠯᠦᠸᠧ ᠲᠦᠸᠧ ᠱᠠᠨ ᠪᠠᠯᠭᠠᠰᠤ ᠳᠤ | ᠬᠦᠨᠵᠡᠬᠡᠶᠢᠷᠡᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠰᠠᠶᠢᠨ ᠳᠤᠷ᠎ᠠ ᠶᠢᠨ | ᠦᠢᠯᠡᠴᠢᠯᠡᠭᠡᠨ ᠤ ᠪᠦᠯᠬᠦᠮ ᠨᠢ ᠣᠯᠠᠨ ᠲᠦᠮᠡᠨ ᠢ ᠬᠠᠯᠠᠭᠤᠮᠰᠠᠭ ᠢᠶᠠᠷ ᠭᠥᠯᠢᠶᠡᠨ ᠠᠪᠴᠤ᠂ ᠲᠡᠳᠡᠨ ᠳᠤ ᠬᠢᠲᠠᠳ | ᠡᠮᠨᠡᠯᠭᠡ᠂ ᠠᠮᠢᠰᠬᠤᠯ ᠤᠨ ᠰᠠᠯᠠᠭ᠎ᠠ᠂ ᠵᠢᠷᠦᠬᠡᠨ ᠤ ᠰᠠᠯᠠᠭ᠎ᠠ᠂ ᠬᠤᠶᠠᠷ ᠥᠮᠡᠨ ᠤ ᠪᠠᠶᠢᠴᠠᠭᠠᠯᠳᠠ᠂ ᠤᠳᠠᠭᠠᠨ | ᠴᠢᠨᠠᠷᠲᠠᠶ ᠡᠪᠡᠳᠴᠢᠨ ᠢ ᠮᠠᠭᠠᠳᠯᠠᠨ ᠲᠣᠭᠲᠠᠭᠠᠬᠤ ᠵᠡᠷᠭᠡ ᠡᠮᠨᠡᠯᠬᠡ ᠶᠢᠨ ᠦᠢᠯᠡᠴᠢᠯᠡᠭᠡ ᠬᠠᠩᠭᠠᠭᠰᠠᠨ ᠤ ᠬᠠᠮᠳᠤ᠂ | ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠬᠠᠷᠢᠭᠤᠯᠳᠠ ᠦᠭᠴᠦ᠂ ᠡᠮᠴᠢᠯᠡᠭᠡᠨ ᠤ ᠲᠠᠯ᠎ᠠ ᠶᠢᠨ ᠵᠦᠶ | ᠵᠣᠬᠢᠰᠲᠠᠶ ᠰᠠᠨᠠᠭᠤᠯᠭ᠎ᠠ ᠶᠢ ᠦᠭᠬᠦᠭᠰᠡᠨ ᠪᠠᠶᠢᠨ᠎ᠠ᠃ ᠡᠮᠴᠢ ᠰᠤᠪᠢᠯᠠᠭᠴᠢᠳ ᠠᠴᠠ ᠪᠠᠰᠠ ᠬᠦᠷᠦᠯᠴᠡᠨ ᠢᠷᠡᠭᠰᠡᠨ | ᠣᠯᠠᠨ ᠲᠦᠮᠡᠨ ᠳᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠴᠢᠰᠤᠨ ᠳᠠᠷᠤᠯᠲᠠ ᠶᠢᠨ | ᠡᠪᠡᠳᠴᠢᠨ᠂ ᠰᠢᠬᠢᠷ ᠰᠢᠵᠢᠩ ᠡᠪᠡᠳᠴᠢᠨ᠂ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠵᠡᠷᠭᠡ ᠪᠠᠶᠢᠩᠭᠤ | ᠲᠣᠬᠢᠶᠠᠯᠳᠤᠳᠠᠭ ᠡᠪᠡᠳᠴᠢᠨ ᠡᠮᠭᠡᠭ ᠤᠨ ᠬᠠᠮᠢᠶᠠᠳᠠᠢ ᠮᠡᠳᠡᠯᠭᠡ ᠪᠠ ᠡᠮ ᠬᠡᠷᠡᠭᠯᠡᠬᠦ ᠮᠡᠳᠡᠯᠭᠡ ᠶᠢ ᠤᠬᠠᠭᠤᠯᠤᠨ | ᠲᠦᠭᠡᠮᠡᠯᠵᠢᠭᠦᠯᠵᠡᠶ᠃ ᠣᠶᠢᠯᠠᠭᠠᠭᠰᠠᠨ ᠢᠶᠠᠷ᠂ ᠡᠨᠡ ᠤᠳᠠᠭ᠎ᠠ ᠨᠡᠶᠢᠲᠡ 300 ᠭᠠᠷᠤᠶ ᠣᠯᠠᠨ ᠲᠦᠮᠡᠨ ᠳᠤ | ᠦᠢᠯᠡᠴᠢᠯᠡᠵᠦ᠂ 60 ᠬᠦᠮᠦᠨ ᠳᠤ ᠦᠨ᠎ᠡ ᠲᠦᠯᠦᠪᠦᠷᠢ ᠦᠬᠡᠢ ᠪᠠᠷ ᠭᠡᠳᠦ ᠲᠤᠯᠬᠢᠶᠠᠨ ᠤ ᠪᠠᠶᠢᠴᠠᠭᠠᠯᠳᠠ ᠬᠢᠵᠦ | ᠦᠭᠬᠦᠭᠰᠡᠨ ᠪᠦᠭᠡᠳ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃ |