ᠲᠠᠶᠢᠹᠤᠰᠧ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/8/20
  ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ  ᠪᠦᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠡᠢ᠃ ᠪᠤᠯᠪᠠᠰᠤᠷᠠᠯ ᠲᠡᠭᠡᠷ᠎ᠡ ᠭᠤᠤᠯᠳᠠᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠢᠨ᠎ᠡ ᠪᠠᠶᠢᠳᠠᠯ ᠰᠢᠨ᠎ᠡ ᠡᠭᠦᠷᠭᠡ᠂ ᠪᠣᠯᠪᠠᠰᠤᠨ ᠤ ᠦᠢᠯᠡᠳᠦᠯᠭᠡ ᠶᠢᠨ ᠠᠵᠢᠯ ᠢ ᠴᠢᠨᠠᠷ ᠰᠠᠶᠢᠲᠠᠶ ᠠᠬᠢᠭᠤᠯᠬᠤ ᠰᠢᠨ᠎ᠡ ᠰᠡᠳᠬᠢᠴᠡ᠂ ᠰᠠᠭᠤᠷᠢᠨ ᠭᠠᠵᠠᠷ ᠤᠨ ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ᠂ ᠪᠣᠯᠪᠠᠰᠤᠨ ᠤ ᠦᠢᠯᠡᠳᠦᠯᠭᠡ ᠶᠢᠨ ᠲᠥᠷᠥᠯ  ᠵᠦᠢᠯ ᠤᠨ ᠲᠦᠰᠦᠪ ᠲᠥᠯᠥᠪᠯᠡᠭᠡ ᠪᠠ ᠬᠡᠷᠡᠭᠵᠢᠭᠦᠯᠦᠯᠲᠡ ᠵᠡᠷᠭᠡ ᠲᠠᠯ᠎ᠠ ᠪᠠᠷ ᠲᠠᠶᠢᠯᠤᠮᠵᠢ ᠬᠢᠵᠡᠢ᠃ ᠡᠯ᠎ᠡ ᠰᠤᠮᠤ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠰᠠᠯᠪᠤᠷᠢ᠂  ᠡᠯ᠎ᠡ ᠪᠠᠶᠢᠭᠤᠯᠭ᠎ᠠ   ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠢᠷᠡᠭᠰᠡᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠤᠯᠯᠠᠭᠴᠢ ᠬᠦᠴᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号