ᠪᠠᠶᠢᠴᠠᠭᠠᠯᠲᠠ ᠶᠢᠨ ᠪᠣᠭᠤᠮᠲᠠ ᠶᠢ ᠴᠢᠩᠭ᠎ᠠ ᠰᠠᠬᠢᠵᠤ ᠴᠡᠷᠢᠭ ᠢ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/8/20
  ᠪᠠᠰᠠ ᠨᠢᠭᠡ ᠤᠳᠠᠭᠠᠨ ᠤ ᠴᠡᠷᠢᠭ ᠡᠯᠰᠡᠬᠦ ᠤᠯᠠᠷᠢᠯ᠂ ᠵᠠᠯᠠᠭᠤᠴᠤᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠴᠠᠭ ᠬᠦᠷᠴᠦ ᠢᠷᠡᠯ᠎ᠡ᠃ 8 ᠰᠠᠷ᠎ᠠ ᠶᠢᠨ 14 ᠤ ᠡᠳᠦᠷ᠂ ᠲᠠᠶᠢᠹᠤᠰᠧ ᠬᠤᠰᠢᠭᠤᠨ ᠤ 2024 ᠣᠨ ᠤ ᠳᠣᠣᠷ᠎ᠠ ᠬᠠᠭᠠᠰ ᠵᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠪᠤᠭᠳᠠᠵᠤ᠂  ᠴᠡᠷᠢᠭ ᠲᠤ ᠤᠷᠤᠬᠤ ᠬᠦᠰᠡᠯ ᠡᠷᠡᠮᠡᠯᠵᠡᠯ ᠲᠠᠢ 51 ᠵᠠᠯᠠᠭᠤ ᠪᠡᠶ᠎ᠡ ᠶᠢᠨ ᠪᠠᠶᠢᠴᠠᠭᠠᠯᠲᠠ ᠬᠢᠯᠭᠡᠯ᠎ᠡ᠃ ᠪᠡᠶ᠎ᠡ ᠶᠢᠨ ᠪᠠᠶᠢᠴᠠᠭᠠᠯᠲᠠ ᠶᠢᠨ ᠠᠬᠤᠢ ᠲᠠᠯᠠᠪᠠᠢ ᠳᠤ᠂ ᠤᠯᠠᠨ ᠢᠶᠠᠷ ᠢᠶᠠᠨ ᠠᠵᠢᠯᠲᠠᠨ ᠤ ᠵᠢᠯᠣᠭᠤᠳᠣᠯᠭ᠎ᠠ ᠶᠢ ᠲᠠᠭᠠᠵᠤ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠴᠢᠬᠢ ᠬᠠᠮᠠᠷ ᠬᠤᠭᠤᠯᠠᠶ ᠶᠢᠨ ᠰᠠᠯᠠᠭ᠎ᠠ ᠵᠡᠷᠭᠡ ᠡᠯ᠎ᠡ ᠲᠦᠷᠦᠯ ᠤᠨ ᠪᠠᠶᠢᠴᠠᠭᠠᠯᠲᠠ ᠶᠢ ᠬᠢᠯᠬᠡᠨ᠎ᠡ᠃ ᠡᠮᠴᠢ ᠰᠤᠪᠢᠯᠠᠭᠴᠢᠳ ᠪᠠᠶᠢᠴᠠᠭᠠᠯᠲᠠ ᠶᠢᠨ ᠱᠠᠭᠠᠷᠳᠠᠯᠭ᠎ᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠵᠠᠯᠠᠭᠤᠴᠤᠳ ᠤᠨ ᠪᠡᠶ᠎ᠡ ᠮᠠᠬᠠᠪᠤᠳ ᠢ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠵᠤ᠂ ᠪᠡᠶ᠎ᠡ ᠶᠢᠨ ᠪᠠᠶᠢᠴᠠᠭᠠᠯᠲᠠ ᠶᠢᠨ ᠪᠦᠬᠦ᠋ᠢᠯᠡ ᠶᠠᠪᠤᠴᠠ ᠶᠢ ᠡᠮᠬᠢ ᠵᠢᠷᠤᠮ ᠲᠠᠢ ᠶᠠᠪᠤᠭᠳᠠᠭᠤᠯᠵᠤ ᠪᠠᠶᠢᠯ᠎ᠠ᠃ ᠡᠭᠦᠨ ᠤ ᠬᠠᠮᠲᠤ᠂ ᠠᠷᠢᠭᠤᠨ ᠴᠢᠬᠡᠴᠢ ᠶᠢᠨ ᠬᠢᠨᠠᠯᠲᠠ ᠲᠠᠯᠪᠢᠭᠴᠢ ᠠᠴᠠ ᠪᠡᠶ᠎ᠡ ᠶᠢᠨ ᠪᠠᠶᠢᠴᠠᠭᠠᠯᠲᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠡᠷᠬᠡ ᠲᠡᠭᠰᠢ ᠲᠥᠪ ᠭᠤᠤᠯᠴᠢ ᠶᠠᠪᠤᠭᠳᠠᠬᠤ ᠶᠢ ᠪᠠᠳᠤᠯᠠᠭᠰᠠᠨ ᠪᠠᠶᠢᠨ᠎ᠠ᠃    ᠵᠢᠶ ᠵᠢᠶᠠ ᠸᠧᠶ ᠪᠣᠯ ᠴᠡᠷᠢᠭ ᠤᠨ ᠠᠯᠪᠠ ᠬᠠᠭᠠᠵᠤ ᠤᠯᠤᠰ ᠤᠷᠤᠨ ᠳᠠᠭᠠᠨ ᠵᠢᠳᠬᠦᠬᠦ ᠬᠦᠰᠡᠯ ᠡᠷᠡᠮᠯᠵᠡᠯ ᠲᠠᠢ ᠵᠠᠯᠠᠭᠤ ᠪᠣᠯᠤᠨ᠎ᠠ᠂ ᠲᠡᠷᠡ ᠢᠯᠡᠷᠭᠡᠶᠢᠯᠡᠬᠦ ᠳᠡᠭᠡᠨ᠄ ︽ᠪᠢ ᠬᠠᠷᠠᠬᠠᠨ ᠪᠠᠭ᠎ᠠ ᠠᠴᠠ ᠪᠠᠨ ᠴᠡᠷᠢᠭ ᠬᠥᠮᠦᠨ ᠢ  ᠪᠢᠰᠢᠷᠡᠵᠦ᠂ ᠴᠡᠷᠢᠭ ᠳᠤ ᠤᠷᠤᠬᠤ ᠶᠢ ᠬᠦᠰᠡᠳᠡᠭ ᠪᠠᠶᠢᠭᠰᠠᠨ᠂  ᠶᠡᠭᠡ ᠰᠤᠷᠭᠠᠭᠤᠯᠢ ᠳᠤ ᠰᠤᠷᠤᠯᠴᠠᠵᠤ ᠪᠠᠶᠢᠬᠤ  ᠳᠠᠭᠠᠨ ᠪᠢ ᠦᠷᠭᠦᠯᠵᠢ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠵᠤ᠂ ᠴᠡᠷᠢᠭ ᠲᠤ ᠣᠷᠣᠬᠤ ᠪᠡᠯᠡᠳᠬᠡᠯ ᠢᠶᠠᠨ ᠬᠢᠵᠦ ᠢᠷᠡᠵᠡᠢ᠂ ᠡᠨᠡ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢ ᠤᠷᠤᠭᠰᠢᠲᠠᠶ ᠦᠩᠭᠡᠷᠡᠭᠡᠵᠦ᠂ ᠥᠪᠡᠷ ᠤᠨ ᠬᠦᠰᠡᠯ ᠵᠡᠭᠦᠳᠦ ᠪᠠᠨ ᠲᠡᠷᠭᠡᠯᠰᠢᠬᠦᠯᠬᠦ ᠶᠢ ᠬᠦᠰᠡᠵᠦ ᠪᠠᠶᠢᠨ᠎ᠠ︾ ᠬᠡᠯ᠎ᠡ᠃    ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠪᠣᠯ ᠤᠯᠤᠰ ᠤᠷᠤᠨ ᠳᠤ ᠰᠢᠯᠢᠳᠡᠭ ᠴᠡᠷᠢᠭ ᠬᠦᠷᠭᠡᠬᠦ ᠶᠢ ᠪᠠᠲᠤᠯᠠᠬᠤ ᠴᠢᠬᠤᠯᠠ ᠨᠢᠭᠡᠨ ᠭᠤᠭᠴᠤᠭ᠎ᠠ ᠪᠣᠯᠤᠨ᠎ᠠ᠂  ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠴᠡᠷᠢᠭ ᠡᠯᠰᠡᠬᠦ ᠡᠯ᠎ᠡ ᠭᠤᠭᠴᠤᠭᠠᠨ ᠤ ᠠᠵᠢᠯ ᠢ ᠦᠷᠭᠦᠯᠵᠢᠯᠡᠨ ᠨᠢᠮᠪᠠᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠠᠵᠢᠯ ᠤᠨ ᠠᠯᠬᠤᠮ ᠶᠠᠪᠤᠴᠠ ᠶᠢ ᠲᠦᠷᠢᠮᠵᠢᠬᠦᠯᠵᠦ᠂ ᠰᠢᠯᠢᠳᠡᠭ ᠵᠠᠯᠠᠭᠤᠴᠤᠳ ᠢ ᠴᠡᠷᠢᠭ ᠲᠤ ᠡᠯᠰᠡᠬᠦ ᠶᠢ ᠪᠠᠲᠤᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号