ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠬᠠᠳᠤᠯᠠᠩ ᠤᠨ ᠲᠠᠯᠠᠪᠠᠢ ᠶᠢᠨ ᠬᠠᠮᠠᠭᠠᠯᠠᠯᠲᠠ ᠪᠠ ᠠᠰᠢᠭᠯᠠᠯᠲᠠ ᠶᠢ ᠴᠢᠩᠭᠠᠳᠬᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/8/20
  ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢᠨ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠡᠪᠡᠰᠦ ᠬᠠᠳᠤᠵᠤ ᠬᠤᠷᠢᠶᠠᠬᠤ ᠠᠵᠢᠯᠯᠠᠭ᠎ᠠ ᠶᠢ ᠲᠦᠷᠢᠮᠵᠢᠬᠦᠯᠦᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠠᠶᠢᠭᠤᠯᠤᠯᠲᠠ ᠪᠠ ᠡᠪᠡᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠵᠤ᠂ ᠬᠠᠳᠤᠯᠠᠩ ᠤᠨ ᠲᠠᠯᠠᠪᠠᠢ ᠶᠢᠨ ᠦᠨᠢᠳᠡ ᠶᠢᠨ ᠠᠰᠢᠭᠯᠠᠯᠳᠠ᠂ ᠮᠠᠯ ᠠᠵᠤ ᠠᠬᠤᠢ ᠶᠢᠨ ᠦᠷᠬᠦᠯᠵᠢᠯᠡᠭᠰᠡᠨ ᠬᠥᠭᠵᠢᠯᠲᠡ ᠪᠠ  ᠲᠠᠯ᠎ᠠ ᠨᠤᠲᠤᠭ   ᠤᠨ ᠠᠮᠢ ᠠᠬᠤᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂  2024 ᠣᠨ ᠤ ᠬᠠᠳᠤᠯᠠᠩ ᠤᠨ ᠲᠠᠯᠠᠪᠠᠢ ᠶᠢᠨ ᠬᠠᠮᠠᠭᠠᠯᠠᠯᠳᠠ ᠪᠠ ᠠᠰᠢᠭᠯᠠᠯᠳᠠ ᠶᠢ ᠴᠢᠩᠭᠠᠳᠬᠠᠬᠤ ᠲᠤᠬᠠᠢ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    1. ᠪᠥᠬᠦ ᠬᠤᠰᠢᠭᠤᠨ ᠤ ᠬᠡᠪᠴᠢᠶᠡᠨ ᠳᠠᠬᠢ ᠪᠠᠶᠢᠭᠠᠯᠢᠯᠢᠭ ᠬᠠᠳᠤᠯᠠᠩ ᠤᠨ ᠲᠠᠯᠠᠪᠠᠶ ᠶᠢᠨ ᠡᠪᠡᠰᠦ ᠬᠠᠳᠤᠬᠤ ᠠᠵᠢᠯ ᠢ 8 ᠰᠠᠷ᠎ᠠ ᠶᠢᠨ 25 ᠤ ᠡᠳᠦᠷ ᠠᠴᠠ ᠨᠢᠭᠡᠳᠦᠯᠲᠡᠶ ᠡᠬᠢᠯᠡᠬᠦᠯᠦᠨ᠎ᠡ᠃    2. ᠬᠠᠳᠤᠯᠠᠩ ᠳᠤ ᠭᠠᠷᠬᠤ ᠳᠠᠭᠠᠨ 300 ᠮᠧᠲᠷ ᠬᠠᠳᠤᠬᠤ ᠪᠦᠷᠢ ᠳᠤ 20 ᠮᠧᠲᠷ ᠥᠷᠭᠡᠨ ᠡᠪᠡᠰᠦᠨ ᠤ ᠦᠷ᠎ᠡ ᠶᠢᠨ ᠪᠦᠰᠡ ᠦᠯᠡᠳᠡᠭᠡᠵᠦ᠂ 300 ᠮᠧᠲᠷ ᠠᠴᠠ ᠪᠠᠭ᠎ᠠ ᠬᠠᠳᠤᠯᠠᠩ ᠳᠤ 15᠄ 1 ᠶᠢᠨ ᠪᠠᠷᠢᠮᠵᠢᠶ᠎ᠠ ᠪᠠᠷ  ᠡᠪᠡᠰᠦᠨ ᠤ ᠦᠷ᠎ᠡ ᠶᠢᠨ ᠪᠦᠰᠡ  ᠦᠯᠡᠳᠡᠭᠡᠬᠦ ᠭᠡᠷᠡᠭᠳᠡᠢ ︵ᠳᠠᠷᠤᠢ 15 ᠮᠧᠲᠷ ᠪᠦᠷᠢ ᠳᠤ 1 ᠮᠧᠲᠷ ᠥᠷᠭᠡᠨ ᠡᠪᠡᠰᠦᠨ ᠤ ᠦᠷ᠎ᠡ ᠶᠢᠨ ᠪᠦᠰᠡ ᠦᠯᠡᠳᠡᠭᠡᠨ᠎ᠡ︶  ᠂  ᠡᠬᠦᠨ ᠤ ᠬᠠᠮᠳᠤ  ᠡᠪᠡᠰᠦᠨ ᠤ ᠶᠤᠵᠤᠭᠤᠷ ᠢ ᠠᠳᠠᠭ ᠲᠠᠭᠠᠨ 6 ᠰᠡᠨᠲ᠋ᠢᠮᠧᠲᠷ ᠦᠨᠳᠦᠷ ᠦᠯᠡᠳᠡᠭᠡᠬᠦ ᠭᠡᠷᠡᠭᠳᠡᠢ᠃ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠶᠢᠨ ᠬᠡᠮᠵᠢᠶ᠎ᠡ ᠨᠢ 30% ᠠᠴᠠ ᠳᠣᠷᠣᠭᠰᠢ᠂ ᠡᠪᠡᠰᠦᠨ ᠤ ᠤᠷᠭᠤᠯᠳᠠ ᠶᠢᠨ ᠳᠤᠮᠳᠠᠴᠢ ᠬᠡᠮᠵᠢᠶ᠎ᠡ ᠨᠢ 15 ᠰᠡᠨᠲ᠋ᠢᠮᠧᠲᠷ ᠠᠴᠠ ᠳᠣᠷᠣᠭᠰᠢ ᠪᠤᠶᠤ ᠬᠠᠭᠤᠷᠠᠶ ᠡᠪᠡᠰᠦᠨ ᠤ ᠮᠦ ᠪᠦᠷᠢ ᠶᠢᠨ ᠤᠨᠠᠯᠲᠠ   ᠨᠢ 30 ᠺᠢᠯᠣᠭ᠍ᠷᠠᠮ ᠠᠴᠠ ᠪᠠᠭ᠎ᠠ ᠬᠠᠳᠤᠯᠠᠩ ᠤᠨ ᠲᠠᠯᠠᠪᠠᠢ ᠳᠤ ᠡᠪᠡᠰᠦ ᠬᠠᠳᠤᠬᠤ ᠶᠢ ᠴᠠᠭᠠᠵᠠᠯᠠᠨ᠎ᠠ᠃     3. ᠡᠪᠡᠰᠦ ᠬᠠᠮᠤᠬᠤ ᠳᠠᠭᠠᠨ ᠨᠢᠴᠦᠬᠦᠷᠡᠳᠡᠯ᠎ᠡ ᠬᠠᠮᠤᠬᠤ ᠶᠢ ᠴᠠᠭᠠᠵᠠᠯᠠᠨ᠂ ᠨᠤᠳᠤᠭ ᠪᠡᠯᠴᠢᠭᠡᠷ ᠲᠤ ᠠᠰᠢᠭᠳᠠᠢ ᠰᠢᠨ᠎ᠡ ᠮᠠᠶ᠋ᠢᠭ ᠤᠨ ᠬᠠᠳᠤᠵᠤ ᠬᠠᠮᠤᠬᠤ ᠮᠠᠰᠢᠨ ᠲᠦᠬᠦᠭᠡᠷᠦᠮᠵᠢ ᠶᠢ ᠭᠡᠷᠡᠭᠯᠡᠵᠦ᠂ ᠬᠦᠷᠦᠰᠦ ᠰᠢᠷᠤᠢ ᠶᠢ ᠪᠦᠲᠦᠮᠵᠢᠲᠡᠶ ᠬᠠᠮᠠᠭᠠᠯᠠᠨ᠂ ᠨᠤᠲᠤᠭ ᠪᠡᠯᠴᠢᠭᠡᠷ ᠮᠠᠭᠤᠳᠠᠵᠤ ᠡᠯᠡᠰᠦᠷᠭᠡᠭᠵᠢᠬᠦ ᠠᠴᠠ ᠰᠡᠷᠭᠡᠶᠢᠯᠡᠬᠦ ᠬᠡᠷᠡᠭᠲᠡᠶ᠃       4. ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠲᠤᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠬᠦᠷᠭᠡ ᠬᠠᠷᠢᠭᠤᠴᠠᠯᠭ᠎ᠠ ᠶᠢ ᠱᠠᠲᠤ ᠱᠠᠲᠤ ᠪᠠᠷ ᠨᠢᠮᠪᠠᠢ ᠬᠤᠪᠢᠶᠠᠷᠢᠯᠠᠨ᠎ᠠ᠃     5. ᠭᠦᠨᠪᠤᠯᠠᠭ ᠰᠤᠮᠤ ᠨᠢ ᠮᠠᠯᠴᠢᠨ ᠡᠷᠦᠬᠡ ᠶᠢᠨ ᠬᠠᠳᠤᠯᠠᠩ ᠤᠨ ᠲᠠᠯᠠᠪᠠᠢ ᠪᠠ ᠰᠢᠯᠵᠢᠬᠦᠯᠦᠯᠳᠡ ᠶᠢᠨ ᠪᠠᠶᠢᠳᠠᠯ ᠵᠡᠷᠭᠡ ᠶᠢ ᠨᠠᠷᠢᠨ ᠨᠢᠮᠪᠠᠢ ᠬᠠᠷᠭᠤᠭᠤᠯᠤᠨ  ᠪᠦᠷᠢᠳᠬᠡᠵᠦ᠂ ᠨᠤᠲᠤᠭ ᠪᠡᠯᠴᠢᠭᠡᠷ ᠲᠦᠷᠢᠶᠡᠰᠦᠯᠡᠭᠰᠡᠨ ᠬᠦᠮᠦᠨ ᠤ ᠣᠪᠣᠭ ᠨᠡᠷ᠎ᠡ᠂  ᠡᠪᠡᠰᠦ ᠬᠠᠳᠤᠬᠤ ᠴᠠᠭ᠂  ᠡᠪᠡᠰᠦ ᠬᠠᠳᠤᠬᠤ ᠠᠷᠭ᠎ᠠ ᠬᠡᠯᠪᠡᠷᠢ ᠶᠢ ᠣᠨᠣᠪᠴᠢᠲᠠᠶ ᠡᠵᠡᠮᠰᠢᠨ᠂ ᠲᠤᠭ᠎ᠠ ᠪᠠᠷᠢᠮᠳᠠ ᠶᠢ ᠲᠣᠳᠣᠷᠬᠠᠢ  ᠪᠠᠶᠢᠯᠭᠠᠬᠤ ᠬᠡᠷᠡᠭᠲᠡᠢ᠃ ᠡᠭᠦᠨ ᠤ ᠬᠠᠮᠲᠤ᠂ ᠮᠠᠯᠴᠢᠨ ᠡᠷᠦᠬᠡ ᠪᠠ ᠡᠪᠡᠰᠦ ᠬᠠᠳᠤᠬᠤ ᠠᠵᠤ ᠠᠬᠤᠶᠢᠯᠠᠯ ᠯᠤᠭ᠎ᠠ ᠡᠪᠡᠰᠦ ᠬᠠᠳᠤᠬᠤ ᠬᠠᠷᠢᠭᠤᠴᠠᠯᠭ᠎ᠠ ᠶᠢᠨ ᠭᠡᠷ᠎ᠡ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ ᠲᠤᠭᠳᠠᠵᠤ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠵᠢᠯᠴᠠᠨ ᠬᠠᠳᠤᠯᠠᠩ ᠤᠨ ᠲᠠᠯᠠᠪᠠᠢ ᠶᠢ  ᠪᠠᠶᠢᠩᠭᠤ ᠲᠣᠭᠤᠷᠢᠨ ᠪᠠᠶᠢᠴᠠᠭᠠᠵᠦ᠂  ᠬᠠᠳᠤᠯᠠᠩ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ  ᠪᠠᠲᠤᠯᠠᠬᠤ ᠬᠡᠷᠡᠭᠲᠡᠶ᠃    6. ᠲᠡᠭᠡᠷ᠎ᠡ ᠲᠤᠷᠠᠳᠤᠭᠰᠠᠨ ᠬᠠᠮᠢᠶ᠎ᠠ ᠪᠦᠬᠦᠢ ᠲᠦᠷᠢᠮ ᠲᠣᠭᠲᠠᠭᠠᠯ ᠢ ᠵᠦᠷᠢᠴᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾ ᠤᠨ ᠭᠤᠴᠢᠨ ᠭᠤᠷᠪᠠᠳᠤᠭᠠᠷ ᠵᠤᠷᠪᠤᠰ ᠶᠤᠰᠤᠭᠠᠷ᠂ ᠮᠦ ᠪᠦᠷᠢ ᠶᠢᠨ 200 ᠲᠥᠭᠦᠷᠢᠭ ᠠᠴᠠ 500 ᠲᠥᠭᠦᠷᠢᠭ ᠤᠨ ᠲᠤᠷᠭᠠᠭᠤᠯᠢ ᠰᠢᠳᠭᠡᠯ ᠤᠯᠭᠤᠨ᠎ᠠ᠃   7. ᠡᠪᠡᠰᠦ ᠬᠠᠳᠤᠬᠤ ᠲᠤᠰᠬᠠᠶ ᠠᠩᠭᠢ᠂ ᠡᠪᠡᠰᠦᠨ ᠤ ᠦᠢᠯᠡᠰ ᠤᠨ ᠡᠵᠡᠩᠨᠡᠯᠲᠡ ᠶᠢᠨ ᠭᠤᠤᠯ ᠴᠣᠭᠴᠠ ᠵᠡᠷᠭᠡ ᠠᠷᠠᠯᠵᠢᠶᠠᠨ ᠤ ᠬᠡᠯᠪᠡᠷᠢᠳᠦ ᠡᠪᠡᠰᠦ ᠬᠠᠳᠤᠬᠤ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠦᠷᠢᠮ ᠢ ᠴᠢᠩᠭ᠎ᠠ ᠭᠡᠷᠡᠭᠵᠢᠬᠦᠯᠦᠨ᠂ ᠪᠤᠯᠢᠶᠠᠯᠭ᠎ᠠ ᠶᠢᠨ ᠬᠡᠯᠪᠡᠷᠢ ᠪᠠᠷ ᠡᠵᠡᠩᠨᠡᠬᠦ ᠶᠢ ᠰᠡᠷᠭᠡᠶᠢᠯᠡᠬᠦ ᠭᠡᠷᠡᠭᠳᠡᠢ᠃ ᠡᠪᠡᠰᠦ ᠬᠠᠳᠤᠬᠤ ᠲᠡᠷᠭᠡ ᠬᠥᠰᠬᠡ ᠨᠦᠭᠦᠳ ᠲᠤᠷ᠎ᠠ ᠪᠠᠷ ᠢᠶᠠᠨ ᠲᠠᠪᠬᠢᠯᠳᠤᠨ ᠨᠤᠲᠤᠭ ᠪᠡᠯᠴᠢᠭᠡᠷ ᠢ ᠲᠠᠷᠤᠵᠤ ᠤᠷᠭᠤᠮᠠᠯ ᠤᠨ ᠪᠦᠷᠬᠦᠴᠡ ᠶᠢ ᠡᠪᠳᠡᠵᠦ ᠪᠤᠯᠬᠤ ᠦᠬᠡᠢ᠃ ᠡᠪᠡᠰᠦ ᠲᠡᠭᠡᠭᠡᠬᠦ ᠬᠤᠭᠤᠴᠠᠭᠠᠨ ᠳᠤ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠬᠠᠳᠤᠯᠠᠩ ᠤᠨ ᠲᠠᠯᠠᠪᠠᠢ ᠳᠤ ᠣᠷᠣᠬᠤ ᠶᠢ ᠡᠷᠡᠰ ᠴᠠᠭᠠᠵᠠᠯᠠᠨ᠎ᠠ᠂ ᠲᠣᠭᠲᠠᠭᠰᠠᠨ ᠭᠠᠵᠠᠷ ᠲᠤ  ᠨᠢᠬᠡᠳᠭᠡᠨ ᠤᠪᠤᠭᠠᠯᠠᠵᠤ ᠪᠠᠶᠢᠭᠠᠳ ᠲᠡᠭᠡᠭᠡᠬᠦ ᠭᠡᠷᠡᠭᠳᠡᠢ᠂  ᠭᠠᠵᠠᠷ ᠤᠨ ᠪᠠᠶᠢᠴᠠ ᠶᠢ ᠦᠨᠳᠦᠰᠦᠯᠡᠵᠦ ᠪᠠᠶᠢᠭᠠᠳ ᠡᠪᠡᠰᠦ ᠤᠪᠤᠭᠠᠯᠠᠬᠤ ᠭᠠᠵᠠᠷ ᠢ ᠬᠠᠳᠤᠯᠠᠩ ᠤᠨ ᠬᠥᠪᠡᠭᠡ ᠵᠠᠬ᠎ᠠ ᠪᠠᠷ ᠪᠠᠶᠢᠷᠢᠯᠠᠭᠤᠯᠤᠨ᠎ᠠ᠃    8. ᠬᠠᠳᠤᠯᠠᠩ ᠤᠨ ᠲᠠᠯᠠᠪᠠᠶ ᠶᠢ ᠲᠠᠭᠠᠭᠠᠴᠢᠯᠠᠨ ᠡᠵᠡᠩᠨᠡᠭᠰᠡᠨ ᠲᠠᠯ᠎ᠠ ᠨᠢ ᠲᠡᠭᠡᠷ᠎ᠡ ᠲᠤᠷᠠᠳᠤᠭᠰᠠᠨ ᠬᠠᠮᠢᠶ᠎ᠠ ᠪᠦᠬᠦᠢ ᠲᠦᠷᠢᠮ ᠲᠣᠭᠲᠠᠭᠠᠯ ᠢ ᠭᠡᠷᠡᠭᠵᠢᠬᠦᠯᠬᠦ ᠦᠬᠡᠢ ᠪᠤᠯ ᠬᠠᠳᠤᠯᠠᠩ ᠤᠨ ᠲᠠᠯᠠᠪᠠᠶ ᠪᠠᠨ ᠲᠠᠭᠠᠭᠠᠴᠢᠯᠠᠭᠤᠯᠤᠭᠰᠠᠨ ᠡᠷᠦᠬᠡ ᠶᠢᠨ ᠲᠤᠬᠠᠶ ᠶᠢᠨ ᠵᠢᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠬᠦᠪᠥᠷᠢ ᠱᠠᠩᠨᠠᠯ ᠢ ᠤᠯᠭᠤᠬᠤ ᠦᠬᠡᠢ᠃    9. ᠡᠪᠡᠰᠦ ᠬᠠᠳᠤᠵᠤ ᠬᠤᠷᠢᠶᠠᠬᠤ ᠬᠤᠭᠤᠴᠠᠭᠠᠨ ᠳᠤ ᠭᠡᠭᠡᠷ᠎ᠡ ᠭᠠᠳᠠᠨ᠎ᠠ ᠭᠠᠯ ᠭᠡᠷᠡᠭᠯᠡᠬᠦ ᠶᠢ  ᠴᠡᠭᠡᠷᠯᠡᠵᠦ᠂  ᠬᠠᠳᠤᠵᠤ ᠬᠤᠷᠢᠶᠠᠬᠤ ᠮᠠᠰᠢᠨ ᠲᠷᠠᠺᠲ᠋ᠤᠷ᠂  ᠲᠡᠭᠡᠭᠡᠵᠦ ᠵᠥᠭᠡᠭᠡᠪᠦᠷᠢᠯᠡᠬᠦ ᠲᠡᠷᠭᠡ ᠬᠦᠰᠭᠡᠨ ᠳᠤ ᠪᠦᠷ ᠭᠠᠯ  ᠰᠡᠷᠭᠡᠶᠢᠯᠡᠬᠦ ᠲᠥᠬᠦᠭᠡᠷᠦᠮᠵᠢ ᠶᠢ ᠤᠬᠰᠠᠷᠠᠨ᠂ ᠭᠠᠯ ᠠᠯᠳᠠᠬᠤ ᠠᠴᠠ ᠴᠢᠩᠭ᠎ᠠ ᠰᠡᠷᠭᠡᠢᠯᠡᠬᠦ ᠬᠡᠷᠡᠭᠲᠡᠢ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠳᠠᠢ ᠪᠤᠯ ᠡᠷᠬᠡᠪᠰᠢ ᠲᠤᠰᠬᠠᠢ ᠬᠥᠮᠥᠨ ᠢᠶᠠᠷ ᠬᠠᠮᠢᠶᠠᠷᠤᠭᠤᠯᠤᠨ᠎ᠠ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠭᠠᠯ  ᠪᠤᠯ ᠪᠦᠷ ᠭᠡᠷ ᠳᠣᠲᠤᠷ᠎ᠠ ︵ᠪᠢᠳᠡᠭᠦᠮᠵᠢᠯᠡᠭᠰᠡᠨ ᠲᠠᠯᠠᠪᠤᠷ ᠭᠠᠵᠠᠷ︶ ᠨᠤᠴᠤᠭᠠᠬᠤ ᠬᠡᠷᠡᠭᠲᠡᠢ᠃    10. ᠭᠦᠨᠪᠤᠯᠠᠭ ᠰᠤᠮᠤ ᠨᠢ ᠳᠠᠷᠦ᠋ᠢᠬᠠᠨ ᠺᠠᠳ᠋ᠷ ᠠᠵᠢᠯᠳᠠᠳ ᠢ ᠵᠤᠬᠢᠶᠠᠨ ᠪᠠᠶᠢᠭᠤᠯᠵᠤ ᠡᠪᠡᠰᠦ ᠬᠠᠳᠤᠬᠤ ᠠᠵᠤ ᠠᠬᠤᠶᠢᠯᠠᠯ ᠪᠠ ᠮᠠᠯᠴᠢᠨ ᠡᠷᠦᠬᠡ ᠳᠤ ᠭᠦᠨᠵᠡᠭᠡᠶᠢᠷᠡᠨ᠂  ᠮᠡᠳᠡᠭᠳᠡᠯ ᠤᠨ ᠪᠢᠴᠢᠭ ᠪᠠ ᠲᠤᠳᠤᠷᠬᠠᠶᠢᠯᠠᠯ ᠤᠨ ᠺᠠᠷᠲ   ᠶᠢ ᠲᠠᠷᠬᠠᠭᠠᠵᠤ᠂ ᠪᠣᠳᠠᠲᠠᠶ ᠴᠠᠭ ᠤᠨ ᠱᠠᠭᠠᠷᠳᠠᠯᠭ᠎ᠠ ᠪᠠ ᠳᠦᠷᠢᠮ ᠲᠣᠭᠲᠠᠭᠠᠯ ᠢ ᠮᠡᠳᠡᠭᠳᠡᠬᠦ ᠬᠡᠷᠡᠭᠲᠡᠶ᠃ ᠡᠭᠦᠨ ᠤ ᠬᠠᠮᠲᠤ ᠵᠠᠭᠤᠴᠢᠯᠠᠭᠤᠷ ᠢ ᠭᠦᠢᠴᠡᠳ ᠠᠰᠢᠭᠯᠠᠨ᠂ ᠬᠠᠳᠤᠯᠠᠩ ᠤᠨ ᠲᠠᠯᠠᠪᠠᠢ ᠶᠢ ᠴᠢᠩᠭ᠎ᠠ ᠬᠠᠮᠠᠭᠠᠯᠠᠵᠤ ᠬᠠᠮᠢᠶᠠᠷᠬᠤ ᠶᠢᠨ ᠴᠢᠬᠤᠯᠠ ᠴᠢᠨᠠᠷ ᠪᠠ ᠬᠠᠮᠢᠶ᠎ᠠ ᠪᠦᠬᠦᠢ ᠬᠠᠤᠯᠢ ᠲᠦᠷᠢᠮ ᠢ ᠥᠷᠭᠡᠨ ᠢᠶᠠᠷ ᠤᠬᠠᠭᠤᠯᠬᠤ ᠬᠡᠷᠡᠭᠲᠡᠢ᠃     ᠬᠠᠳᠤᠯᠠᠩ ᠤᠨ ᠬᠤᠭᠤᠴᠠᠭᠠᠨ ᠳᠠᠬᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄     ᠲᠠᠶᠢᠹᠤᠰᠧ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ 0479 - 5222413     ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 0479 - 5887015                                                                                        ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                   2024 ᠣᠨ ᠤ 8 ᠰᠠᠷ᠎ᠠ ᠶᠢᠨ 16 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号