ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠪᠠ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠠᠵᠢᠯ ᠤᠨ ᠪᠠᠶᠢᠷᠢᠯᠠᠭᠤᠯᠤᠯᠲᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠤᠯᠠᠮ ᠪᠠᠬᠢᠵᠢᠭᠦᠯᠵᠦ᠂ ᠦᠢᠯᠡᠳᠪᠦᠷᠢᠯᠡᠯ ᠤᠨ ᠬᠦᠨᠳᠦ | ᠶᠡᠭᠡ ᠤᠰᠤᠯ ᠠᠳᠡᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠤᠰᠠᠳᠠ ︽ᠰᠢᠯᠢ ᠶᠢᠨ ᠭᠤᠤᠯ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭᠠᠨ ᠤ ᠲᠦᠰᠦᠪ ︵2021 - 2026 ᠣᠨ︶︾ ᠢ | ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ ᠪᠠᠶᠢᠭᠠᠳ ᠲᠣᠰ ᠲᠦᠰᠦᠪ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠪᠠᠷ ᠳᠠᠮᠵᠢᠨ᠂ ᠪᠦᠬᠦ ᠬᠤᠰᠢᠭᠤᠨ ᠤ ᠬᠤᠳᠠᠯᠳᠤᠭᠠᠨ ᠤ | ᠶᠠᠪᠤᠳᠠᠯ ᠤᠨ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠠᠵᠢᠯ | ᠲᠦᠷᠦᠯ ᠤᠨ ᠲᠥᠯᠥᠪᠵᠢᠭᠦᠯᠭᠡ ᠳᠤ ᠤᠷᠤᠭᠤᠯᠬᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠤᠷᠤᠭᠤᠯᠬᠤ᠂ | ᠬᠠᠤᠯᠢ ᠲᠦᠷᠢᠮ ᠤᠨ ᠪᠠᠷᠢᠮᠵᠢᠶ᠎ᠠ ᠳᠤ ᠤᠷᠤᠭᠤᠯᠬᠤ᠂ ᠵᠠᠰᠠᠭ ᠵᠠᠬᠢᠷᠭᠠᠨ ᠤ ᠵᠥᠪᠰᠢᠶᠡᠷᠡᠯ ᠳᠤ ᠤᠷᠤᠭᠤᠯᠬᠤ ︵ | ᠲᠤᠷᠤᠭᠰᠢ ᠲᠦᠷᠪᠡ ᠶᠢ ᠣᠷᠣᠭᠤᠯᠬᠤ ᠭᠡᠵᠦ ᠲᠣᠪᠴᠢᠯᠠᠨ᠎ᠠ︶ ᠶᠢ ᠠᠬᠢᠭᠤᠯᠵᠤ᠂ ᠪᠦᠬᠦ ᠬᠤᠰᠢᠭᠤᠨ ᠤ | ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠠᠵᠢᠯ ᠲᠦᠷᠦᠯ | ᠠᠵᠤ ᠠᠬᠤᠶᠢᠯᠠᠯ ᠤᠨ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠪᠠ ᠬᠠᠷᠢᠭᠤᠴᠠᠯᠭ᠎ᠠ ᠶᠢᠨ ᠤᠬᠠᠮᠰᠠᠷ ᠢ | ᠦᠨᠡᠨᠬᠦ ᠲᠡᠭᠡᠭᠰᠢᠯᠡᠬᠦᠯᠦᠨ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ | ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠵᠤ᠂ ᠠᠶᠤᠯᠬᠦᠢ ᠦᠢᠯᠡᠳᠪᠦᠷᠢᠯᠡᠯ ᠤᠨ ᠭᠡᠮ ᠰᠣᠭᠤᠭ ᠢ | ᠦᠨᠳᠦᠰᠦᠨ ᠠᠴᠠ ᠨᠢ ᠠᠷᠢᠯᠭᠠᠬᠤ ᠪᠠᠷ ᠴᠢᠷᠮᠠᠶᠢᠨ᠎ᠠ᠃ 2024 ᠣᠨ ᠤ ᠡᠴᠦᠰ ᠠᠴᠠ ᠡᠮᠦᠨ᠎ᠡ ︽ᠳᠥᠷᠪᠡ ᠶᠢ | ᠣᠷᠣᠭᠤᠯᠬᠤ︾ ᠠᠵᠢᠯ ᠤᠨ ᠪᠠᠶᠢᠳᠠᠯ ᠢ ᠡᠮᠬᠢᠯᠡᠵᠦ᠂ 2023 ᠣᠨ ᠤ ᠡᠴᠦᠰ ᠠᠴᠠ ᠡᠮᠦᠨ᠎ᠡ ᠪᠠᠶᠢᠴᠠᠭᠠᠵᠤ | ᠢᠯᠡᠷᠡᠭᠦᠯᠦᠭᠰᠡᠨ ᠬᠦᠨᠳᠦ ᠶᠡᠭᠡ ᠤᠰᠤᠯ ᠠᠳᠡᠯ ᠤᠨ ᠳᠠᠯᠳᠠ ᠬᠡᠮ ᠢ ᠦᠨᠳᠦᠰᠦᠨ ᠳᠡᠭᠡᠨ ᠠᠷᠢᠯᠭᠠᠨ᠎ᠠ᠃ 2025 | ᠣᠨ ᠤ ᠡᠴᠦᠰ ᠠᠴᠠ ᠡᠮᠦᠨ᠎ᠡ ︽ᠳᠥᠷᠪᠡ ᠶᠢ ᠣᠷᠣᠭᠤᠯᠬᠤ︾ ᠠᠵᠢᠯ ᠤᠨ ᠬᠢᠷᠢ ᠲᠦᠪᠰᠢᠨ ᠢ ᠦᠨᠡᠨ ᠬᠦ | ᠳᠡᠭᠡᠭᠰᠢᠯᠡᠭᠦᠯᠵᠦ᠂ ᠬᠦᠨᠳᠦ ᠶᠡᠭᠡ ᠤᠰᠤᠯ ᠠᠳᠡᠯ ᠤᠨ ᠳᠠᠯᠳᠠ ᠬᠡᠮ ᠤᠨ ᠨᠡᠮᠡᠭᠳᠡᠯ ᠤᠨ ᠬᠡᠮᠵᠢᠶ᠎ᠡ ᠶᠢ ᠪᠦᠲᠦᠮᠵᠢᠲᠡᠶ | ᠬᠤᠷᠢᠭᠯᠠᠨ᠎ᠠ᠃ 2026 ᠣᠨ ᠤ ᠡᠴᠦᠰ ᠠᠴᠠ ᠡᠮᠦᠨ᠎ᠡ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠬᠦᠨᠳᠦ ᠶᠡᠭᠡ ᠤᠰᠤᠯ ᠠᠳᠡᠯ ᠤᠨ ᠳᠠᠯᠳᠠ | ᠬᠡᠮ ᠢ ᠬᠥᠳᠡᠯᠦᠩᠭᠦᠶ ᠪᠠᠷ ᠠᠷᠢᠯᠭᠠᠬᠤ ᠬᠡᠪᠰᠢᠭᠰᠡᠨ ᠲᠣᠭᠲᠠᠴᠠ ᠶᠢ ᠪᠣᠶ ᠪᠣᠯᠭᠠᠵᠤ᠂ ᠵᠡᠷᠭᠡ ᠪᠠᠷ ᠠᠳᠬᠤᠵᠤ | ᠬᠠᠮᠲᠤ ᠪᠠᠷ ᠬᠠᠮᠢᠶᠠᠷᠤᠭᠰᠠᠨ᠂ ᠣᠯᠠᠨ ᠲᠠᠯ᠎ᠠ ᠪᠠᠷ ᠬᠤᠯᠪᠣᠭᠠᠯᠠᠨ ᠬᠦᠳᠡᠯᠦᠯᠴᠡᠭᠰᠡᠨ ᠠᠵᠢᠯ ᠤᠨ ᠪᠠᠶᠢᠷᠢᠰᠢᠯ ᠢ | ᠦᠨᠳᠦᠰᠦᠨ ᠳᠡᠭᠡᠨ ᠪᠠᠶᠢᠭᠤᠯᠵᠤ᠂ ᠬᠤᠳᠠᠯᠳᠤᠭᠠᠨ ᠤ ᠶᠠᠪᠤᠳᠠᠯ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ | ᠲᠦᠪᠰᠢᠨ ᠤ ᠬᠦᠴᠦᠲᠡᠶ ᠪᠠᠲᠤᠯᠠᠭ᠎ᠠ ᠬᠠᠩᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠠᠵᠢᠯ ᠲᠦᠷᠦᠯ ᠤᠨ ᠲᠦᠯᠦᠪᠵᠢᠭᠦᠯᠭᠡ᠂ ᠠᠵᠤ ᠦᠢᠯᠡᠰ ᠤᠨ ᠲᠦᠷᠦ ᠶᠢᠨ ᠪᠣᠳᠣᠯᠭ᠎ᠠ᠂ ᠬᠠᠤᠯᠢ | ᠲᠦᠷᠢᠮ ᠤᠨ ᠪᠠᠷᠢᠮᠵᠢᠶ᠎ᠠ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠳᠦᠷᠢᠮᠵᠢᠯ ᠢ ᠴᠢᠩᠭᠠᠳᠬᠠᠨ᠎ᠠ᠃ | 1. ᠠᠵᠢᠯ ᠲᠥᠷᠥᠯ ᠤᠨ ᠲᠥᠯᠥᠪᠵᠢᠭᠦᠯᠭᠡ ᠪᠠᠷ ᠲᠠᠮᠵᠢᠨ ᠠᠵᠢᠯ ᠲᠥᠷᠥᠯ ᠤᠨ ᠠᠮᠤᠷ ᠲᠦᠪᠰᠢᠨ | ᠬᠥᠭᠵᠢᠯᠲᠡ ᠶᠢ ᠵᠢᠯᠣᠭᠤᠳᠤᠨ᠎ᠠ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠬᠠᠮᠢᠶ᠎ᠠ ᠪᠥᠬᠦᠶ ᠠᠵᠢᠯ ᠲᠥᠷᠥᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠳᠠᠭᠠᠬᠤ ᠳᠠᠭᠠᠨ ᠠᠶᠤᠯᠭᠦᠶ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠥᠯᠥᠪᠵᠢᠭᠦᠯᠭᠡ ᠳᠤ | ᠣᠷᠣᠭᠤᠯᠬᠤ ᠬᠡᠷᠡᠭᠲᠡᠶ᠃ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠢ ᠵᠢᠯᠣᠭᠤᠳᠴᠤ ᠪᠠᠶᠢᠭᠠᠳ ᠠᠶᠤᠯᠬᠦᠢᠶ | ᠦᠢᠯᠡᠳᠪᠦᠷᠢᠯᠡᠯ ᠤᠨ ᠥᠪᠡᠷ ᠢ ᠪᠠᠨ ᠱᠠᠭᠠᠷᠳᠠᠬᠤ ᠰᠠᠨᠠᠭᠠᠴᠢᠯᠠᠭ᠎ᠠ ᠪᠠ ᠲᠦᠭᠰᠢᠭᠦᠷᠢ ᠶᠢᠨ ᠰᠠᠨᠠᠭᠤᠯᠤᠮᠵᠢ ᠶᠢ | ᠨᠡᠶᠢᠲᠡᠯᠡᠵᠤ᠂ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠨᠠᠩ ᠣᠯᠠᠨ | ᠲᠤᠯᠭᠠᠭᠤᠷᠢᠯᠠᠯ ᠬᠠᠩᠭᠠᠨ᠎ᠠ᠃ | 2. ᠠᠶᠤᠯᠬᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ | ᠠᠭᠤᠰᠬᠠᠨ ᠣᠷᠣᠭᠤᠯᠤᠨ᠎ᠠ᠃ ᠤᠯᠤᠰ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠳᠤ ᠲᠤᠭᠳᠠᠭᠠᠭᠰᠠᠨ ᠠᠮᠤᠷ ᠲᠦᠪᠰᠢᠨ ᠤ ︽ᠬᠤᠷᠢᠭ᠎ᠠ ᠱᠤᠭᠤᠮ︾ ᠤᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ | ᠪᠠᠶᠢᠭᠤᠯᠤᠯᠲᠠ᠂ ᠬᠠᠭᠤᠴᠢᠨ ᠨᠡᠷᠡᠲᠦ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠵᠡᠷᠭᠡ ᠬᠠᠮᠢᠶ᠎ᠠ ᠪᠦᠬᠦᠢ ᠠᠵᠢᠯ ᠤᠨ | ᠳᠤᠮᠳᠠ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠤᠳᠤᠷᠬᠠᠶᠢᠯᠠᠨ᠂ ᠣᠷᠣᠨ ᠨᠤᠲᠤᠭ ᠤᠨ ᠲᠥᠷᠥ ᠶᠢᠨ | ᠪᠣᠳᠣᠯᠭ᠎ᠠ ᠬᠢᠭᠡᠳ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠤᠭᠳᠠᠭᠠᠵᠤ ᠭᠡᠷᠡᠭᠵᠢᠬᠦᠯᠬᠦ ᠳᠤ ᠠᠶᠤᠯᠬᠦᠢ | ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠤᠤᠱᠯᠠᠭᠤᠯᠬᠤ ᠭᠡᠷᠡᠭᠳᠡᠢ᠃ | 3. ᠬᠠᠤᠯᠢ ᠲᠦᠷᠢᠮ ᠤᠨ ᠪᠠᠷᠢᠮᠵᠢᠶ᠎ᠠ ᠳᠤ ᠠᠶᠤᠯᠬᠦᠢ ᠦᠢᠯᠡᠳᠪᠦᠷᠢᠯᠡᠯ ᠤᠨ ᠣᠨᠣᠯᠵᠢᠬᠤᠨ ᠢ | ᠲᠤᠤᠱᠯᠠᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠳᠠᠬᠢ ᠡᠯ᠎ᠡ ᠲᠥᠷᠥᠯ ᠤᠨ ᠬᠠᠤᠯᠢ | ᠲᠦᠷᠢᠮ ᠤᠨ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠠᠵᠢᠯ | ᠲᠥᠷᠥᠯ ᠤᠨ ᠨᠡᠶᠢᠭᠡᠮᠯᠢᠭ ᠢ ᠵᠢᠯᠣᠭᠤᠳᠴᠤ ᠪᠠᠶᠢᠭᠠᠳ ᠠᠶᠤᠯᠬᠦᠢ ᠦᠢᠯᠡᠳᠪᠦᠷᠢᠯᠡᠯ ᠤᠨ ᠠᠭᠤᠯᠭ᠎ᠠ ᠶᠢ ᠪᠤᠳᠠᠳᠠᠢ ᠪᠠᠨ | ᠦᠨᠳᠦᠰᠦᠯᠡᠨ ᠪᠠᠷᠢᠮᠵᠢᠶ᠎ᠠ ᠳᠤ ᠣᠷᠣᠭᠤᠯᠬᠤ ᠶᠢ ᠠᠬᠢᠭᠤᠯᠤᠨ᠂ ᠣᠷᠣᠨ ᠨᠤᠲᠤᠭ ᠤᠨ ᠬᠤᠯᠪᠣᠭᠳᠠᠯ ᠪᠦᠬᠦᠢ | ᠪᠠᠷᠢᠮᠵᠢᠶ᠎ᠠ ᠶᠢ ᠲᠣᠭᠲᠠᠭᠠᠬᠤ ᠳᠤ ᠠᠶᠤᠯᠬᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠤᠤᠱᠯᠠᠭᠤᠯᠬᠤ ᠬᠡᠷᠡᠭᠲᠡᠶ᠃ | ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ | ᠦᠨᠳᠦᠰᠦᠨ ᠲᠦᠷᠢᠮᠵᠢᠯ᠂ ᠪᠠᠭ᠎ᠠ ᠵᠢᠵᠢᠭ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ | ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠦᠨᠳᠦᠰᠦᠨ ᠲᠦᠷᠢᠮᠵᠢᠯ ᠤᠨ ᠲᠤᠬᠠᠢ ᠤᠬᠠᠭᠤᠯᠤᠨ | ᠲᠤᠤᠱᠯᠠᠭᠤᠯᠬᠤ ᠪᠠᠨ ᠴᠢᠩᠭᠠᠳᠬᠠᠵᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠠᠬᠢᠭᠤᠯᠬᠤ ᠭᠡᠷᠡᠭᠳᠡᠢ᠃ | 4. ᠵᠠᠰᠠᠭ ᠵᠠᠬᠢᠷᠭᠠᠨ ᠤ ᠵᠥᠪᠰᠢᠶᠡᠷᠡᠯ ᠢᠶᠠᠷ ᠲᠠᠮᠵᠢᠨ ᠠᠵᠢᠯ ᠲᠥᠷᠥᠯ ᠤᠨ ᠠᠶᠤᠯᠬᠦᠢ ᠬᠥᠭᠵᠢᠯᠲᠡ ᠶᠢ | ᠲᠦᠷᠢᠮᠵᠢᠬᠦᠯᠦᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠶᠠᠪᠤᠴᠠ ᠳᠤ ᠠᠶᠤᠯᠬᠦᠢ | ᠦᠢᠯᠡᠳᠪᠦᠷᠢᠯᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ | ᠡᠭᠡᠭᠦᠯᠦᠨ ᠬᠤᠷᠢᠶᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ | ᠠᠶᠤᠯᠬᠦᠢ ᠦᠢᠯᠡᠳᠪᠦᠷᠢᠯᠡᠯ ᠤᠨ ᠣᠷᠣᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠶ᠃ | ︵ᠬᠤᠶᠠᠷ︶ ᠬᠤᠳᠠᠯᠳᠤᠭᠠᠨ ᠤ ᠶᠠᠪᠤᠳᠠᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠭᠡᠮ | ᠰᠤᠭᠤᠭ ᠢ ᠪᠠᠶᠢᠴᠠᠭᠠᠨ ᠴᠡᠭᠴᠡᠯᠡᠨ᠎ᠡ ᠃ | 5. ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠤᠰᠤᠯ ᠠᠳᠡᠯ ᠤᠨ ᠳᠠᠯᠳᠠ ᠭᠡᠮ ᠢ ᠪᠦᠬᠦ ᠲᠠᠯ᠎ᠠ ᠪᠠᠷ | ᠪᠠᠶᠢᠴᠠᠭᠠᠨ ᠠᠷᠢᠯᠭᠠᠬᠤ ᠬᠡᠷᠡᠭᠲᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ᠂ ᠬᠡᠷᠡᠭᠯᠡᠭᠡᠨ ᠠᠴᠠ | ᠭᠠᠷᠤᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠬᠤ᠂ ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ᠂ ᠵᠤᠴᠢᠳ | ᠤᠨ ᠪᠠᠭᠤᠳᠠᠯ ︵50 ᠣᠷᠣ ᠠᠴᠠ ᠳᠡᠭᠡᠭᠰᠢ︶ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠳᠠᠯᠳᠠ ᠭᠡᠮ ᠢ | ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠲᠠ | ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ ᠲᠦᠪᠰᠢᠨ ᠤ ᠲᠤᠰᠬᠠᠶ ᠴᠡᠭᠴᠡᠯᠡᠯᠳᠡ ᠶᠢᠨ ᠠᠵᠢᠯ ᠢ ᠭᠦᠨᠵᠡᠭᠡᠶ | ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢᠨ ᠬᠦᠨᠳᠦ ᠶᠡᠭᠡ ᠭᠡᠮ ᠰᠤᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠴᠡᠭᠴᠡᠯᠡᠬᠦ ᠬᠡᠪᠰᠢᠭᠰᠡᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠤᠯ | ᠬᠠᠷᠢᠭᠤᠴᠠᠯᠭᠠᠳᠠᠨ ᠨᠢ ᠤᠯᠠᠷᠢᠯ ᠪᠤᠯᠭᠠᠨ ᠠᠳᠠᠭ ᠲᠠᠭᠠᠨ 1 ᠤᠳᠠᠭ᠎ᠠ ᠪᠠᠶᠢᠴᠠᠭᠠᠯᠲᠠ ᠬᠢᠵᠦ᠂ ᠪᠥᠬᠦ ᠠᠵᠢᠯᠲᠠᠨ ᠤ | ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠬᠦ | ᠪᠦᠭᠡᠳ ᠨᠠᠶᠢᠳᠠᠪᠤᠷᠢᠵᠢᠭᠤᠯᠬᠤ ᠬᠡᠷᠡᠭᠲᠡᠶ᠃ | 6. ᠰᠠᠯᠠᠭ᠎ᠠ ᠮᠥᠴᠢᠷ ᠤᠨ ᠬᠠᠮᠳᠤᠷᠠᠯᠴᠠᠭ᠎ᠠ ᠪᠠᠨ ᠴᠢᠩᠭᠠᠳᠬᠠᠵᠤ ᠪᠠᠶᠢᠴᠠᠭᠠᠨ ᠴᠡᠭᠴᠡᠯᠡᠬᠦ ᠠᠵᠢᠯ ᠤᠨ | ᠲᠣᠭᠲᠠᠴᠠ ᠶᠢ ᠪᠦᠷᠢᠨᠰᠢᠭᠦᠯᠦᠨ᠎ᠡ᠃ ᠬᠠᠮᠢᠶ᠎ᠠ ᠪᠥᠬᠦᠶ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠬᠠᠮᠳᠤᠷᠠᠯ ᠤᠨ ᠬᠦᠴᠦᠨ ᠢ ᠪᠤᠢ ᠪᠤᠯᠭᠠᠨ᠂ ᠪᠠᠶᠢᠴᠠᠭᠠᠨ | ᠴᠡᠭᠴᠡᠯᠡᠬᠦ ᠶᠠᠪᠤᠴᠠ ᠳᠤ ᠢᠯᠡᠷᠡᠭᠰᠡᠨ ᠬᠠᠮᠢᠶ᠎ᠠ ᠪᠥᠬᠦᠶ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | 2024 ᠣᠨ ᠤ ᠡᠴᠦᠰ ᠠᠴᠠ ᠡᠮᠦᠨ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠵᠤ ᠪᠠᠶᠢᠭᠠᠳ | ᠱᠠᠭᠠᠷᠳᠠᠨ ᠵᠢᠯᠤᠭᠤᠳᠬᠤ ᠪᠠ ᠪᠠᠶᠢᠴᠠᠭᠠᠨ ᠴᠡᠭᠴᠡᠯᠡᠬᠦ ᠠᠵᠢᠯ ᠤᠨ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ᠂ | 2025 ᠣᠨ ᠤ ᠡᠴᠦᠰ ᠠᠴᠠ ᠡᠮᠦᠨ᠎ᠡ ᠠᠵᠢᠯ ᠤᠨ ᠲᠣᠭᠲᠠᠴᠠ ᠶᠢ ᠪᠠᠶᠢᠩᠭᠤᠵᠢᠭᠤᠯᠤᠨ᠂ 2026 ᠣᠨ ᠤ | ᠡᠴᠦᠰ ᠠᠴᠠ ᠡᠮᠦᠨ᠎ᠡ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ | | ︵ᠭᠤᠷᠪᠠ︶ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠠᠮᠤᠷ ᠲᠦᠪᠰᠢᠨ ᠤ | ᠤᠬᠠᠭᠤᠯᠭ᠎ᠠ ᠬᠦᠮᠦᠵᠢᠯ ᠢ ᠦᠷᠨᠢᠬᠦᠯᠦᠨ᠎ᠡ᠃ | 7. ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠠᠶᠤᠯᠬᠦᠢ ᠦᠢᠯᠡᠳᠪᠦᠷᠢᠯᠡᠯ ᠤᠨ ᠣᠨᠣᠯ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ | ᠴᠢᠬᠤᠯᠠ ᠥᠭᠦᠯᠡᠯᠲᠡ ᠶᠢ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠶ | ᠦᠢᠯᠡᠳᠪᠦᠷᠢᠯᠡᠯ ᠤᠨ ᠪᠤᠯᠪᠠᠰᠤᠷᠠᠯ ᠬᠥᠮᠦᠵᠢᠯ ᠤᠨ ᠲᠥᠯᠥᠪᠯᠡᠭᠡ ᠳᠤ ᠤᠷᠤᠭᠤᠯᠤᠨ᠂ ᠬᠦᠨᠳᠦ ᠶᠡᠭᠡ ᠤᠰᠤᠯ ᠠᠳᠡᠯ | ᠤᠨ ᠳᠠᠯᠳᠠ ᠬᠡᠮ ᠢ ᠪᠠᠶᠢᠴᠠᠭᠠᠨ ᠴᠡᠭᠴᠡᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ | ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠠᠶᠤᠯᠭᠦᠢ | ᠦᠢᠯᠡᠳᠪᠦᠷᠢᠯᠡᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ | ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠬᠤ ᠭᠡᠷᠡᠭᠳᠡᠢ᠃ | 8. ᠭᠤᠤᠯᠳᠠᠯᠭ᠎ᠠ ᠲᠠᠢ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠪᠣᠯᠪᠠᠰᠤᠷᠠᠯ ᠬᠥᠮᠦᠵᠢᠯ ᠢ | ᠥᠷᠨᠢᠭᠦᠯᠦᠨ᠎ᠡ᠃ 2024 ᠣᠨ ᠤ ᠡᠴᠦᠰ ᠠᠴᠠ ᠡᠮᠦᠨ᠎ᠡ ᠲᠣᠰ ᠭᠠᠵᠠᠷ ᠣᠷᠣᠨ ᠤ ᠬᠤᠳᠠᠯᠳᠤᠭᠠᠨ ᠤ | ᠶᠠᠪᠤᠳᠠᠯ ᠤᠨ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠪᠣᠯᠪᠠᠰᠤᠷᠠᠯ ᠬᠥᠮᠦᠵᠢᠯ ᠤᠨ | ᠤᠳᠠᠭ᠎ᠠ ᠲᠠᠷᠠᠭ᠎ᠠ᠂ ᠠᠭᠤᠯᠭ᠎ᠠ ᠬᠡᠪᠴᠢᠶ᠎ᠡ᠂ ᠴᠠᠭ ᠬᠤᠭᠤᠴᠠᠭ᠎ᠠ ᠵᠡᠷᠭᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ | ᠪᠣᠯᠪᠠᠰᠤᠷᠠᠯ ᠬᠥᠮᠦᠵᠢᠯ ᠤᠨ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠬᠦᠯᠦᠨ᠂ | ᠪᠣᠯᠪᠠᠰᠤᠷᠠᠭᠤᠯᠤᠭᠰᠠᠨ ᠴᠢᠯᠠᠭᠤᠨ ᠲᠣᠰᠣ᠂ ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠬᠤ ᠵᠡᠷᠭᠡ ᠠᠵᠤ | ᠠᠬᠤᠶᠢᠯᠠᠯ ᠳᠤ ᠭᠤᠤᠯᠳᠠᠯᠭ᠎ᠠ ᠲᠠᠢ ᠪᠠᠷ ᠪᠣᠯᠪᠠᠰᠤᠷᠠᠯ ᠬᠦᠷᠳᠡᠭᠡᠨ᠎ᠡ᠃ ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ ᠪᠠ | ᠬᠤᠳᠠᠯᠳᠤᠭᠠᠨ ᠤ ᠲᠠᠯᠠᠪᠤᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠢ ᠲᠥᠪᠯᠡᠷᠡᠭᠦᠯᠦᠨ | ᠪᠤᠯᠪᠠᠰᠤᠷᠠᠭᠤᠯᠵᠤ᠂ ᠣᠨᠴᠠ ᠲᠥᠷᠥᠯ ᠤᠨ ᠠᠵᠢᠯ ᠡᠷᠬᠢᠯᠡᠭᠰᠡᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ | ᠭᠠᠷᠬᠤ ᠶᠢ ᠠᠬᠢᠭᠤᠯᠵᠤ᠂ ᠣᠨᠴᠠ ᠲᠥᠷᠥᠯ ᠤᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠨ᠂ ᠭᠠᠯ | ᠰᠡᠷᠭᠡᠶᠢᠯᠡᠯᠳᠡ ᠪᠠ ᠠᠶᠤᠯᠬᠦᠢ ᠦᠢᠯᠡᠳᠪᠦᠷᠢᠯᠡᠯ ᠤᠨ ᠠᠵᠢᠯ ᠤᠨ ᠳᠦᠷᠢᠮ ᠢ ᠴᠢᠩᠭ᠎ᠠ ᠵᠢᠷᠤᠮᠯᠠᠨ ᠭᠡᠷᠡᠭᠵᠢᠬᠦᠯᠬᠦ | ᠬᠡᠷᠡᠭᠲᠡᠶ᠃ | 9. ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠳᠠᠬᠢ ᠡᠵᠡᠩᠨᠡᠯᠲᠡ ᠶᠢᠨ ᠭᠤᠤᠯ ᠴᠣᠭᠴᠠ ᠶᠢᠨ ᠪᠠᠴᠢᠮ | ᠪᠠᠶᠢᠳᠠᠯ ᠢ ᠠᠷᠭᠠᠴᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ | ᠠᠵᠢᠯ ᠡᠷᠭᠢᠯᠡᠭᠰᠡᠳ ᠤᠨ ᠠᠶᠤᠯ ᠠᠴᠠ ᠵᠠᠶᠢᠯᠠᠵᠤ ᠠᠮᠢ ᠪᠠᠨ ᠠᠪᠤᠷᠠᠬᠤ ᠦᠵᠡᠯ ᠤᠬᠠᠮᠰᠠᠷ ᠪᠠ ᠬᠢᠷᠢ ᠴᠢᠳᠠᠪᠤᠷᠢ ᠶᠢ | ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠤᠨᠲᠠᠷᠠᠭᠠᠬᠤ ᠰᠣᠷᠢᠯᠲᠠ ᠪᠤᠯᠪᠠᠰᠤᠷᠠᠯ ᠢ ᠢᠳᠡᠪᠬᠢᠲᠡᠶ | ᠦᠷᠨᠢᠬᠦᠯᠦᠨ ᠂ ᠠᠶᠤᠯᠬᠦᠢ ᠦᠢᠯᠡᠳᠪᠦᠷᠢᠯᠡᠯ ᠤᠨ ᠬᠢᠷᠢ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠡᠢ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠠᠶᠤᠯ ᠠᠴᠠ ᠵᠠᠶᠢᠯᠠᠵᠤ ᠠᠮᠢ ᠵᠢᠭᠤᠲᠠᠬᠤ ᠰᠣᠷᠢᠯᠲᠠ ᠶᠢ ᠵᠢᠯ ᠳᠤ | ᠠᠳᠠᠭ ᠲᠠᠭᠠᠨ ᠨᠢᠭᠡ ᠤᠳᠠᠭ᠎ᠠ ᠥᠷᠨᠢᠭᠦᠯᠵᠦ᠂ ᠪᠥᠬᠦ ᠠᠵᠢᠯᠳᠠᠳ ᠲᠠᠭᠠᠨ ᠠᠶᠤᠯ ᠠᠴᠠ ᠵᠠᠶᠢᠯᠠᠬᠤ ᠵᠠᠮ᠂ ᠠᠮᠢ | ᠵᠢᠭᠤᠳᠠᠬᠤ ᠡᠭᠦᠳᠡ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠱᠠᠭᠠᠷᠳᠠᠯᠭ᠎ᠠ ᠶᠢ ᠰᠠᠶᠢᠨ ᠣᠶᠢᠯᠠᠭᠠᠭᠤᠯᠵᠤ | ᠂ ᠬᠡᠪᠰᠢᠭᠰᠡᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ | 10. ᠠᠵᠢᠯ ᠲᠥᠷᠥᠯ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠰᠡᠷᠡᠮᠵᠢᠯᠡᠬᠦᠯᠦᠯ ᠢ | ᠴᠢᠩᠭᠠᠳᠬᠠᠨ᠎ᠠ᠃ ︽ᠰᠢᠯᠢ ᠶᠢᠨ ᠭᠤᠤᠯ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠬᠦᠷᠢᠶᠡᠨ ᠳᠠᠬᠢ ᠢᠯᠡᠴᠢᠯᠡᠨ | ᠮᠡᠳᠡᠭᠦᠯᠦᠭᠰᠡᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠤᠬᠠᠭᠤᠯᠤᠨ ᠲᠤᠤᠱᠯᠠᠭᠤᠯᠵᠤ᠂ ᠨᠡᠶᠢᠭᠡᠮ | ᠨᠡᠶᠢᠲᠡ ᠪᠣᠯᠤᠨ ᠠᠵᠢᠯᠳᠠᠳ ᠢ ᠭᠦᠢᠴᠡᠳ ᠳᠠᠶᠢᠴᠢᠯᠠᠨ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠳᠤ ᠣᠷᠣᠰᠢᠵᠤ | ᠪᠠᠶᠢᠭ᠎ᠠ ᠬᠦᠨᠳᠦ ᠶᠡᠭᠡ ᠭᠡᠮ ᠰᠤᠭᠤᠭ ᠢ ᠢᠯᠡᠴᠢᠯᠡᠨ ᠮᠡᠳᠡᠭᠦᠯᠵᠦ᠂ ᠡᠯ᠎ᠡ ᠲᠥᠷᠥᠯ ᠤᠨ ᠬᠠᠤᠯᠢ ᠲᠦᠷᠢᠮ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠬᠦᠯᠬᠦ ᠭᠡᠷᠡᠭᠳᠡᠢ᠃ ᠭᠤᠣᠯᠳᠠᠯᠭ᠎ᠠ ᠲᠠᠢ ᠠᠵᠢᠯ | ᠲᠦᠷᠦᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠡᠯ᠎ᠡ ᠲᠦᠷᠦᠯ ᠤᠨ ᠲᠦᠭᠰᠢᠭᠦᠷᠢ ᠶᠢᠨ ᠮᠡᠳᠡᠭᠡ | ᠵᠠᠩᠭᠢ ᠪᠣᠯᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠨᠡᠶᠢᠲᠡᠯᠡᠵᠦ᠂ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠤᠬᠠᠮᠰᠠᠷ ᠢ | ᠴᠢᠩᠭᠠᠳᠬᠠᠬᠤ ᠭᠡᠷᠡᠭᠳᠡᠢ᠃ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ | ᠪᠠᠶᠢᠳᠠᠯ ᠢ ᠠᠷᠭᠠᠴᠠᠬᠤ ︾ ᠭᠤᠤᠯ ᠰᠡᠳᠦᠪ ᠪᠠ ᠡᠬᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠠᠶᠤᠯᠭᠦᠶ ᠦᠢᠯᠡᠳᠪᠦᠷᠢᠯᠡᠯ ᠤᠨ ᠰᠠᠷ᠎ᠠ︾᠂ ︽ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ︾ ᠵᠡᠷᠭᠡ | ᠠᠵᠢᠯᠯᠠᠭ᠎ᠠ ᠶᠢ ᠭᠦᠨᠵᠡᠭᠡᠶ ᠦᠷᠨᠢᠬᠦᠯᠦᠨ᠂ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠢ | ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠲᠠᠯᠠᠪᠤᠷ ᠲᠤ ᠤᠷᠢᠶ᠎ᠠ ᠨᠠᠭᠠᠬᠤ᠂ ᠪᠢᠴᠢᠭᠡᠰᠦ ᠡᠯᠬᠦᠬᠦ ᠵᠡᠷᠭᠡ ᠠᠷᠭ᠎ᠠ | ᠬᠡᠯᠪᠡᠷᠢ ᠪᠠᠷ ᠲᠠᠮᠵᠢᠨ ᠨᠡᠶᠢᠭᠡᠮᠴᠢᠯᠡᠭᠰᠡᠨ ᠤᠬᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠬᠦ ᠭᠡᠷᠡᠭᠳᠡᠢ᠃ | ᠭᠤᠷᠪᠠ᠂ ᠴᠠᠭ ᠤᠨ ᠪᠠᠶᠢᠷᠢᠯᠠᠭᠤᠯᠤᠯᠳᠠ | 2024 ᠣᠨ ᠤ 1 ᠰᠠᠷ᠎ᠠ ᠠᠴᠠ 2026 ᠣᠨ ᠤ 12 ᠰᠠᠷ᠎ᠠ ᠪᠣᠯᠲᠠᠯ᠎ᠠ ᠳᠥᠷᠪᠡᠨ ᠱᠠᠲᠤ ᠬᠤᠪᠢᠶᠠᠨ | ᠶᠠᠪᠤᠭᠳᠠᠨ᠎ᠠ᠃ | ︵ᠨᠢᠭᠡ︶ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠱᠠᠲᠤ ︵2024 ᠣᠨ ᠤ 2 ᠰᠠᠷ᠎ᠠ ᠠᠴᠠ 4 ᠰᠠᠷ᠎ᠠ︶᠃ | ︽ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭᠠᠨ ᠤ ᠬᠡᠷᠡᠭᠵᠢᠭᠦᠯᠬᠦ ᠲᠦᠰᠦᠪ | ︵2024-2026︶︾ ᠢ ᠨᠡᠶᠢᠳᠡᠯᠡᠵᠦ᠂ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ | ᠰᠢᠪᠳᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠪᠠᠶᠢᠷᠢᠯᠠᠭᠤᠯᠤᠨ᠂ ᠲᠤᠰ ᠭᠠᠵᠠᠷ ᠣᠷᠣᠨ ᠤ ᠪᠠᠨ ᠭᠤᠷᠪᠠᠨ ᠵᠢᠯ ᠤᠨ | ᠠᠵᠢᠯᠯᠠᠭᠠᠨ ᠤ ᠲᠦᠰᠦᠪ ᠢ ᠲᠣᠭᠲᠠᠭᠠᠵᠤ᠂ ᠭᠤᠷᠪᠠᠨ ᠵᠢᠯ ᠤᠨ ᠠᠵᠢᠯᠯᠠᠭᠠᠨ ᠤ ᠪᠣᠳᠠᠲᠠᠶ ᠲᠣᠬᠢᠷᠠᠭᠤᠯᠤᠯᠲᠠ ᠶᠢ | ᠬᠢᠨ᠎ᠡ᠃ | ︵ᠬᠤᠶᠠᠷ︶ ᠲᠤᠰᠬᠠᠢ ᠴᠡᠭᠴᠡᠯᠡᠯᠳᠡ ᠶᠢᠨ ᠱᠠᠲᠤ ︵2024 ᠣᠨ ᠤ 5 ᠰᠠᠷ᠎ᠠ ᠠᠴᠠ 2025 ᠣᠨ ᠤ | 12 ᠰᠠᠷ᠎ᠠ︶ ᠃ ᠬᠡᠷᠡᠭᠵᠢᠭᠦᠯᠬᠦ ᠲᠦᠰᠦᠪ ᠤᠨ ᠶᠣᠰᠣᠭᠠᠷ᠂ ︽ᠭᠤᠷᠪᠠᠨ ᠶᠡᠭᠡ ᠠᠵᠢᠯᠯᠠᠭ᠎ᠠ︾ ᠶᠢᠨ 10 | ᠵᠦᠢᠯ ᠤᠨ ᠪᠣᠳᠠᠲᠠᠶ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠲᠣᠰ ᠭᠠᠵᠠᠷ ᠣᠷᠣᠨ ᠤ ᠪᠠᠨ | ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠪᠠ ᠭᠤᠤᠯᠳᠠᠯᠭ᠎ᠠ ᠲᠠᠢ ᠨᠢᠭᠡᠴᠡ ᠂ ᠵᠠᠩᠭᠢᠯᠠᠭ᠎ᠠ ᠶᠢᠨ | ᠭᠤᠭᠴᠤᠭ᠎ᠠ ᠶᠢᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠨ ᠴᠡᠭᠴᠡᠯᠡᠵᠦ᠂ | ᠬᠦᠨᠳᠦ ᠶᠡᠭᠡ ᠬᠡᠮ ᠰᠤᠭᠤᠭ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠬᠡᠷᠡᠭᠯᠡᠨ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭᠠᠲᠤ ᠨᠢᠭᠡᠴᠡ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠤᠳᠤᠷᠬᠠᠶᠢᠯᠵᠤ᠂ ᠪᠠᠶᠢᠴᠠᠭᠠᠬᠤ ᠶᠢᠨ | ᠳᠠᠭᠠᠤ ᠴᠡᠭᠴᠡᠯᠡᠨ᠂ ᠠᠩᠬ᠎ᠠ ᠠᠯᠬᠤᠮ ᠤᠨ ᠦᠷ᠎ᠡ ᠪᠦᠲᠦᠮᠵᠢ ᠶᠢ ᠤᠯᠬᠤ ᠭᠡᠷᠡᠭᠳᠡᠢ᠃ | ︵ᠭᠤᠷᠪᠠ︶ ᠪᠠᠳᠤᠳᠬᠠᠨ ᠲᠡᠭᠡᠭᠰᠢᠯᠡᠬᠦᠯᠬᠦ ᠱᠠᠲᠤ ︵2026 ᠣᠨ ᠤ 1 ᠰᠠᠷ᠎ᠠ ᠠᠴᠠ 2026 ᠣᠨ ᠤ 9 | ᠰᠠᠷ᠎ᠠ︶᠃ ᠬᠦᠨᠳᠦ ᠶᠡᠭᠡ ᠭᠡᠮ ᠰᠤᠭᠤᠭ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠰᠢᠨᠡᠳᠬᠡᠵᠦ᠂ | ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂ ᠠᠬᠤᠢ ᠲᠠᠯᠠᠪᠠᠢ ᠶᠢᠨ ᠠᠬᠢᠭᠤᠯᠭ᠎ᠠ ᠶᠢᠨ ᠬᠤᠷᠠᠯ | ᠡᠷᠬᠢᠯᠡᠬᠦ ᠰᠢᠯᠢᠳᠡᠭ ᠰᠠᠶᠢᠨ ᠠᠷᠭ᠎ᠠ ᠲᠤᠷᠰᠢᠯᠭ᠎ᠠ ᠶᠢ ᠳᠡᠯᠭᠡᠷᠡᠭᠦᠯᠬᠦ ᠪᠠᠷ ᠲᠠᠮᠵᠢᠭᠠᠳ ᠪᠣᠭᠤᠮᠲᠠ ᠰᠢᠪᠲᠤᠯᠬᠤ | ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠪᠠᠶᠢᠴᠠᠭᠠᠨ | ᠴᠡᠭᠴᠡᠯᠡᠬᠦ ᠪᠠ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠬᠦᠯᠦᠨ᠂ ᠴᠡᠭᠴᠡᠯᠡᠨ ᠵᠠᠰᠠᠬᠤ ᠠᠵᠢᠯ ᠳᠤ ᠢᠯᠡᠷᠬᠡᠢ | ᠦᠷ᠎ᠡ ᠪᠦᠲᠦᠮᠵᠢ ᠤᠯᠬᠤ ᠭᠡᠷᠡᠭᠳᠡᠢ᠃ | ︵ᠳᠥᠷᠪᠡ︶ ᠳ᠋ᠦᠩᠨᠡᠨ ᠦᠨᠡᠯᠡᠬᠦ ᠱᠠᠲᠤ ︵2026 ᠣᠨ ᠤ 10 ᠰᠠᠷ᠎ᠠ ᠠᠴᠠ 12 ᠰᠠᠷ᠎ᠠ︶᠃ ᠠᠶᠤᠯᠬᠦᠢ | ᠦᠢᠯᠡᠳᠪᠦᠷᠢᠯᠡᠯ ᠤᠨ ᠨᠡᠶᠢᠲᠡᠯᠢᠭ ᠴᠢᠨᠠᠷᠲᠠᠶ ᠠᠰᠠᠭᠤᠳᠠᠯ ᠪᠣᠯᠤᠨ ᠳᠣᠪᠤᠶᠢᠮ᠎ᠠ ᠭᠡᠮ ᠰᠤᠭᠤᠭ ᠤᠨ ᠠᠰᠠᠭᠤᠳᠠᠯ ᠢ | ᠭᠦᠨᠵᠡᠭᠡᠶ ᠵᠠᠳᠠᠯᠵᠤ᠂ ᠵᠥᠷᠢᠴᠡᠯ ᠪᠠ ᠰᠢᠯᠲᠠᠭᠠᠨ ᠢ ᠢᠯᠡᠷᠡᠬᠦᠯᠦᠨ᠂ ᠡᠯ᠎ᠡ ᠲᠥᠷᠥᠯ ᠤᠨ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠲᠦᠷᠦᠯ ᠲᠠᠷᠠᠭᠠᠯᠠᠵᠤ ᠨᠠᠶᠢᠳᠠᠪᠤᠷᠢᠵᠢᠭᠤᠯᠤᠨ ᠠᠬᠢᠭᠤᠯᠬᠤ ᠭᠡᠷᠡᠭᠳᠡᠢ᠃ | ᠳᠥᠷᠪᠡ᠂ ᠪᠠᠳᠤᠯᠠᠭᠠᠨ ᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠲᠠᠶᠢᠹᠤᠰᠧ ᠬᠤᠰᠢᠭᠤᠨ ᠤ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭᠠᠨ ᠤ ᠤᠳᠤᠷᠢᠳᠬᠤ ᠳᠤᠭᠤᠶᠢᠯᠠᠩ ᠢ ᠪᠠᠶᠢᠭᠤᠯᠤᠭᠰᠠᠨ | ᠪᠠᠶᠢᠳᠠᠯ ᠲᠤᠤᠷᠠᠬᠢ ᠮᠡᠳᠦ᠄ | ᠳᠤᠭᠤᠶᠢᠯᠠᠩ ᠤᠨ ᠳᠠᠷᠤᠭ᠎ᠠ᠄ ᠭᠤᠤ ᠴᠠᠩ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ ᠶᠠᠩ ᠪᠦᠦ ᠯᠢ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠯᠦ ᠱᠤ᠋ ᠵᠢᠶᠦ᠋ᠨ ᠬᠤᠰᠢᠭᠤᠨ ᠤ ᠳᠤᠮᠳᠠ ᠪᠠᠭ᠎ᠠ ᠠᠵᠤ | ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠭᠡᠰᠢᠬᠦᠨ᠄ ᠼᠤᠤ ᠵᠠᠨ ᠬᠤᠩ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠠᠰᠤᠭ ᠤᠨ ᠳᠠᠷᠤᠭ᠎ᠠ | ᠵᠦ ᠵᠢᠩ ᠵᠢᠩ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠠᠰᠤᠭ ᠤᠨ ᠳᠠᠷᠤᠭ᠎ᠠ | ᠶᠢᠨ ᠹᠦ᠋ ᠯᠢᠶᠠᠩ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠠᠰᠤᠭ ᠤᠨ ᠠᠵᠢᠯᠲᠠᠨ | ᠯᠢ ᠢᠦᠢ ᠲᠢᠩ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠠᠰᠤᠭ ᠤᠨ ᠠᠵᠢᠯᠲᠠᠨ | ᠤᠳᠤᠷᠢᠳᠬᠤ ᠳᠤᠭᠤᠶᠢᠯᠠᠩ ᠤᠨ ᠡᠬᠦᠷᠭᠡ ᠬᠠᠷᠢᠭᠤᠴᠠᠯᠭ᠎ᠠ ᠪᠤᠯ ᠲᠤᠰᠬᠠᠶ ᠰᠡᠳᠦᠪᠲᠦ ᠬᠤᠷᠠᠯ | ᠬᠤᠷᠠᠯᠳᠤᠭᠤᠯᠤᠨ ᠠᠵᠢᠯ ᠤᠨ ᠲᠠᠶᠢᠴᠢᠯᠠᠯᠳᠠ ᠪᠠ ᠪᠠᠶᠢᠷᠢᠯᠠᠭᠤᠯᠤᠯᠳᠠ ᠶᠢ ᠬᠢᠵᠦ᠂ ᠭᠤᠷᠪᠠᠨ ᠵᠢᠯ ᠤᠨ ᠪᠣᠭᠤᠮᠲᠠ | ᠰᠢᠪᠲᠤᠯᠬᠤ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠰᠣᠨᠣᠰᠴᠤ᠂ ᠠᠶᠤᠯᠭᠦᠶ ᠦᠢᠯᠡᠳᠪᠦᠷᠢᠯᠡᠯ ᠤᠨ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠵᠠᠳᠠᠯᠤᠨ | ᠰᠤᠳᠤᠯᠬᠤ ᠶᠢᠨ ᠬᠠᠮᠲᠤ ᠪᠠᠶᠢᠩᠭᠤ ᠶᠢᠨ ᠴᠢᠨᠠᠷᠲᠠᠶ ᠵᠢᠯᠤᠭᠤᠳᠤᠯᠭ᠎ᠠ ᠪᠠ ᠪᠠᠶᠢᠴᠠᠭᠠᠯᠳᠠ ᠬᠢᠵᠦ ᠪᠣᠭᠤᠮᠲᠠ | ᠰᠢᠪᠲᠤᠯᠬᠤ ᠠᠵᠢᠯᠯᠠᠭ᠎ᠠ ᠶᠢᠨ ᠪᠣᠳᠠᠲᠠᠶ ᠠᠵᠢᠯ ᠢ ᠨᠠᠶᠢᠳᠠᠪᠤᠷᠢᠵᠢᠭᠤᠯᠤᠨ᠎ᠠ᠃ ︵ᠬᠠᠷᠢᠯᠴᠠᠬᠤ ᠬᠦᠮᠦᠨ᠄ ᠶᠢᠨ ᠹᠦ᠋ | ᠯᠢᠶᠠᠩ ᠂ ᠬᠠᠷᠢᠯᠴᠠᠬᠤ ᠤᠲᠠᠰᠤ᠄ 5238677︶ | ︵ᠬᠤᠶᠠᠷ︶ ᠰᠠᠯᠠᠭ᠎ᠠ ᠮᠦᠴᠢᠷ ᠤᠨ ᠬᠠᠮᠵᠢᠯᠴᠠᠭ᠎ᠠ ᠪᠠᠨ ᠴᠢᠩᠭᠠᠳᠬᠠᠨ᠎ᠠ᠃ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠨᠢ ᠮᠡᠳᠡᠭᠡ ᠵᠠᠩᠭᠢ ᠶᠢᠨ ᠰᠤᠯᠢᠯᠴᠠᠭ᠎ᠠ ᠪᠠᠨ ᠴᠢᠩᠭᠠᠳᠬᠠᠵᠤ᠂ ᠬᠤᠳᠠᠯᠳᠤᠭᠠᠨ ᠤ ᠶᠠᠪᠤᠳᠠᠯ ᠤᠨ | ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠦᠷᠨᠢᠬᠦᠯᠬᠦ ᠭᠡᠷᠡᠭᠳᠡᠢ | ᠃ ᠭᠡᠮ ᠰᠤᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠢᠳᠡᠪᠬᠢᠲᠡᠶ ᠥᠷᠨᠢᠭᠦᠯᠬᠦ ᠶᠢᠨ ᠬᠠᠮᠲᠤ᠂ ᠬᠢᠨᠠᠨ ᠬᠠᠮᠢᠶᠠᠷᠴᠤ | ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ | ᠨᠡᠯᠢᠶᠡᠳ ᠶᠡᠭᠡ ᠤᠰᠤᠯ ᠠᠳᠡᠯ ᠭᠠᠷᠭᠠᠵᠤ ᠰᠢᠳᠭᠡᠯ ᠲᠤᠷᠭᠠᠭᠤᠯᠢ ᠤᠯᠤᠭᠰᠠᠨ ᠪᠤᠶᠤ ᠴᠡᠭᠴᠡᠯᠡᠨ | ᠰᠠᠶᠢᠵᠢᠷᠠᠭᠤᠯᠬᠤ ᠶᠢ ᠲᠡᠪᠴᠢᠵᠦ ᠬᠦᠨᠳᠦ ᠨᠣᠴᠢᠲᠠᠶ ᠮᠠᠭᠤ ᠨᠥᠯᠥᠭᠡ ᠪᠣᠯᠭᠠᠭᠰᠠᠨ ᠠᠵᠤ ᠠᠬᠤᠶᠢᠯᠠᠯ ᠳᠤ ᠬᠠᠷ᠎ᠠ | ᠳᠠᠩᠰᠠ ᠶᠢᠨ ᠳᠦᠷᠢᠮ ᠢ ᠭᠡᠷᠡᠭᠵᠢᠬᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠭᠤᠬᠤ ᠦᠭᠡᠶ᠃ | ︵ᠭᠤᠷᠪᠠ︶ ᠠᠵᠢᠯ ᠤᠨ ᠬᠢᠨᠠᠯᠳᠠ ᠪᠠ ᠵᠢᠯᠣᠭᠤᠳᠤᠯᠭ᠎ᠠ ᠶᠢ ᠴᠢᠩᠭᠠᠳᠬᠠᠨ᠎ᠠ᠃ ᠠᠶᠤᠯᠭᠦᠢ | ᠦᠢᠯᠡᠳᠪᠦᠷᠢᠯᠡᠯ ᠤᠨ ᠱᠠᠭᠠᠷᠳᠠᠯᠭ᠎ᠠ ᠪᠣᠯᠤᠨ ᠡᠳᠦᠷ ᠲᠤᠳᠤᠮ ᠤᠨ ᠲᠤᠬᠠᠶᠢᠯᠠᠭᠰᠠᠨ ᠠᠵᠢᠯ ᠤᠨ ᠤᠶᠠᠯᠳᠤᠯ ᠢ | ᠠᠬᠢᠭᠤᠯᠵᠤ᠂ ᠶᠠᠷᠢᠯᠴᠠᠨ ᠰᠣᠯᠢᠯᠴᠠᠬᠤ᠂ ᠪᠠᠶᠢᠴᠠᠭᠠᠨ ᠰᠤᠳᠤᠯᠬᠤ᠂ ᠰᠠᠨᠠᠭᠤᠯᠤᠨ ᠰᠡᠷᠡᠮᠵᠢᠯᠡᠬᠦᠯᠬᠦ ᠵᠡᠷᠭᠡ ᠤᠯᠠᠨ | ᠵᠦᠢᠯ ᠤᠨ ᠠᠷᠭ᠎ᠠ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠂ | ᠠᠵᠢᠯ ᠤᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠨ ᠢᠯᠡᠷᠡᠭᠦᠯᠬᠦ ᠶᠢᠨ ᠬᠠᠮᠳᠤ | ᠵᠣᠬᠢᠴᠠᠭᠤᠯᠤᠨ ᠰᠢᠢᠳᠪᠦᠷᠢᠯᠡᠵᠦ᠂ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ | ︵ᠲᠦᠷᠪᠡ︶ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠤ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭ ᠤᠨ ᠡᠮᠦᠨ᠎ᠡ | ᠤᠷᠢᠳᠴᠢᠯᠠᠨ ᠰᠡᠷᠭᠡᠶᠢᠯᠡᠬᠦ ᠲᠣᠭᠠᠴᠢᠯᠠᠭᠰᠠᠨ ᠬᠡᠯᠪᠡᠷᠢ ᠲᠡᠰᠢ ᠬᠤᠪᠢᠷᠠᠭᠤᠯᠵᠤ᠂ ᠵᠣᠬᠢᠶᠠᠮᠠᠯ ᠣᠶᠤᠨ ᠴᠢᠳᠠᠪᠤᠷᠢ᠂ | ᠲᠣᠮᠣ ᠳ᠋ᠠᠶᠢᠲ᠋ᠠ ᠵᠡᠷᠭᠡ ᠮᠡᠷᠭᠡᠵᠢᠯ ᠲᠠᠢ ᠤᠶᠠᠯᠳᠤᠭᠤᠯᠤᠨ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ | ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ ᠭᠡᠷᠡᠭᠯᠡᠬᠦ ᠪᠠ ᠲᠠᠰ ᠳᠡᠪᠰᠢᠭᠦᠯᠦᠨ ᠥᠭᠡᠷᠡᠴᠢᠯᠡᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠰᠢᠲᠠᠮᠠᠬᠠᠶ ᠬᠡᠢ ᠭᠡᠷᠡᠭᠯᠡᠬᠦ ᠲᠠᠯᠠᠪᠤᠷ ᠤᠨ ︽ᠯᠤᠩᠬᠤ ᠪᠠᠨ ᠭᠤᠤᠷᠰᠤ ᠪᠤᠯᠭᠠᠬᠤ︾ | ︽ᠬᠡᠢ ᠪᠠᠨ ᠴᠠᠬᠢᠯᠭᠠᠨ ᠪᠤᠯᠭᠠᠬᠤ︾ ᠦᠬᠡᠷᠡᠴᠢᠯᠡᠯᠳᠡ ᠶᠢ ᠠᠬᠢᠭᠤᠯᠤᠨ᠂ ᠬᠤᠯᠪᠣᠭᠳᠠᠯ ᠪᠥᠬᠦᠶ ᠠᠵᠢᠯ ᠲᠥᠷᠥᠯ | ᠤᠨ ᠬᠢᠨ ᠢ ᠲᠡᠳᠬᠦᠵᠦ ᠲᠡᠷᠢᠭᠦᠨ ᠤ ᠮᠡᠷᠭᠡᠵᠢᠯ ᠲᠣᠨᠣᠭᠯᠠᠯ ᠢ ᠴᠠᠭ ᠲᠤᠬᠠᠶ ᠳᠤᠨᠢ ᠰᠢᠨᠡᠳᠬᠡᠨ᠂ ᠪᠣᠯᠪᠠᠰᠤᠷᠠᠩᠭᠤᠶ | ᠠᠷᠭ᠎ᠠ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠠᠵᠢᠯ ᠲᠥᠷᠥᠯ ᠤᠨ ᠬᠠᠮᠢᠶᠠᠷᠤᠯᠲᠠ ᠶᠢᠨ ᠴᠢᠳᠠᠪᠤᠷᠢ ᠶᠢ | ᠲᠡᠭᠡᠭᠰᠢᠯᠡᠬᠦᠯᠬᠦ ᠭᠡᠷᠡᠭᠳᠡᠢ᠃ |