ᠦᠵᠡᠯ ᠤᠬᠠᠮᠰᠠᠷ ᠤᠨ ᠬᠡᠯᠪᠡᠷᠢ ᠶᠢᠨ ︽ᠭᠤᠤᠯ ᠴᠢᠭᠯᠡᠯ︾ ᠢ ᠰᠠᠶᠢᠲᠤᠷ ᠠᠳᠬᠤᠵᠤ  ︽  ᠭᠤᠤᠯ ᠰᠠᠭᠤᠷᠢᠨ ᠭᠠᠵᠠᠷ︾ ᠢ ᠪᠠᠲᠤ ᠰᠠᠬᠢᠨ᠎ᠠ
ᠨᠡᠶᠢᠲᠡᠯᠡᠭᠰᠡᠨ ᠴᠠᠭ᠄
2024/8/21
   ᠬᠤᠩ ᠴᠢ ᠪᠠᠯᠭᠠᠰᠤᠨ ᠤ ᠨᠠᠮ ᠤᠨ ᠬᠤᠷᠢᠶ᠎ᠠ ᠨᠢ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠵᠠᠷᠴᠢᠮ ᠢ ᠪᠠᠷᠢᠮᠳᠠᠯᠠᠨ᠂ ᠭᠤᠤᠯ ᠠᠵᠢᠯ ᠤᠨ ᠲᠣᠭᠤᠷᠢᠨ ᠳᠤ ᠵᠣᠭᠰᠣᠴᠠ ᠶᠢ ᠣᠨᠣᠪᠴᠢᠲᠠᠶ ᠡᠷᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠭᠤᠤᠯ ᠴᠢᠭᠯᠡᠯ︾ ᠢ ᠰᠠᠶᠢᠲᠤᠷ ᠡᠵᠡᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠪᠠᠲᠤ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠵᠦ ᠪᠤᠢ᠃     ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠯᠠᠪᠳᠠᠭᠤᠨ ᠪᠠᠳᠤᠳᠠᠢ ᠡᠬᠦᠷᠭᠡᠯᠡᠭᠰᠡᠨ᠃  ᠪᠠᠯᠭᠠᠰᠤᠨ ᠤ ᠨᠠᠮ ᠤᠨ ᠬᠤᠷᠢᠶ᠎ᠠ ᠨᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠡᠭᠡᠳᠦ ᠱᠠᠲᠤᠨ ᠤ ᠠᠵᠢᠯ ᠤᠨ ᠲᠤᠬᠠᠶ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ︽ᠬᠠᠷᠢᠭᠤᠴᠠᠯᠭ᠎ᠠ ᠶᠢᠨ ᠲᠠᠷᠢᠶ᠎ᠠ︾ ᠶᠢ ᠰᠠᠶᠢᠲᠤᠷ ᠰᠠᠬᠢᠭᠰᠠᠨ ᠪᠠᠶᠢᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠶᠣᠰᠣᠭᠠᠷ᠂ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠬᠦ ᠶᠢ ᠲᠣᠳᠣᠷᠬᠠᠶ ᠱᠠᠭᠠᠷᠳᠠᠵᠤ᠂ ᠨᠠᠮ ᠤᠨ ᠬᠤᠷᠢᠶᠠᠨ ᠤ ᠱᠦᠵᠢ ᠨᠢ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠨᠠᠮ ᠤᠨ ᠬᠤᠷᠢᠶᠠᠨ ᠤ ᠭᠡᠰᠢᠬᠦᠳ ᠨᠢ   ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠪᠠᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠢ  ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠪᠠᠶᠢᠷᠢᠯᠠᠭᠤᠯᠵᠤ᠂ ᠪᠠᠶᠢᠴᠠᠭᠠᠵᠤ᠂ ᠮᠡᠳᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ ᠢᠷᠡᠵᠡᠢ᠃     ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠺᠠᠳ᠋ᠷ ᠤᠨ ᠤᠨᠤᠯ ᠤᠨ ᠲᠦᠪᠰᠢᠨ ᠢ ᠲᠡᠭᠡᠭᠰᠢᠯᠡᠬᠦᠯᠦᠭᠰᠡᠨ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠦᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠬᠤ ᠪᠠ ᠰᠤᠳᠤᠯᠤᠨ ᠶᠠᠷᠢᠯᠴᠠᠬᠤ ᠴᠢᠬᠤᠯᠠ ᠠᠭᠤᠯᠭ᠎ᠠ ᠳᠤ ᠤᠷᠤᠭᠤᠯᠪᠠ᠃ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠶᠣᠰᠣᠭᠠᠷ᠂ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠵᠡᠷᠭᠡ ᠠᠭᠤᠯᠭ᠎ᠠ ᠶᠢ ᠭᠦᠨᠵᠡᠭᠡᠶ ᠰᠤᠷᠤᠯᠴᠠᠵᠤ᠂ ᠤᠳᠤᠷᠢᠳᠬᠤ ᠺᠠᠳ᠋ᠷᠴᠤᠳ ᠤᠨ ᠦᠵᠡᠯ ᠰᠠᠨᠠᠭ᠎ᠠ ᠪᠠᠷ ᠬᠥᠭᠵᠢᠯᠲᠡ ᠶᠢ ᠵᠢᠯᠤᠭᠤᠳᠬᠤ᠂ ᠰᠤᠷᠲᠠᠯ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠬᠤ  ᠢᠲᠡᠭᠡᠯ ᠵᠤᠷᠢᠭ ᠢ ᠤᠯᠠᠮ ᠴᠢᠩᠭᠠᠳᠬᠠᠵᠠᠢ᠃ ᠪᠠᠶᠢᠭᠤᠯᠭ᠎ᠠ ᠨᠢᠬᠡᠴᠡ ᠪᠠ ᠲᠣᠰᠬᠤᠨ ᠤ ᠨᠠᠮ ᠤᠨ ᠡᠭᠦᠷ ᠨᠢ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠵᠡᠷᠭᠡ ᠰᠤᠷᠤᠯᠴᠠᠯᠭ᠎ᠠ ᠶᠢᠨ ᠠᠴᠢᠶᠠᠯᠠᠪᠤᠷᠢ ᠪᠠᠷ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠬᠡᠵᠢᠬᠦᠯᠬᠦ ᠶᠢ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠴᠢᠬᠤᠯᠠ ᠠᠭᠤᠯᠭ᠎ᠠ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ︽ᠤᠭ ᠰᠠᠨᠠᠭ᠎ᠠ ᠪᠠᠨ ᠪᠠᠷᠢᠮᠲᠠᠯᠠᠬᠤ᠂ ᠬᠠᠷᠢᠭᠤᠴᠠᠯᠭ᠎ᠠ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠬᠦᠭᠵᠢᠭᠰᠡᠨ ᠪᠠᠶᠢᠨ᠎ᠠ᠃ ᠡᠨᠡ ᠵᠢᠯ᠂  ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠣᠨᠣᠯ ᠤᠨ ᠰᠤᠷᠤᠯᠴᠠᠯᠭ᠋ 10 ᠤᠳᠠᠭ᠎ᠠ᠂ ᠰᠡᠷᠡᠮᠵᠢᠯᠡᠭᠦᠯᠬᠦ ᠬᠥᠮᠦᠵᠢᠯ 2 ᠤᠳᠠᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠢ ᠰᠡᠳᠦᠪᠳᠦ ᠶᠠᠷᠢᠯᠴᠠᠯᠭ᠎ᠠ ᠰᠤᠳᠤᠯᠭ᠎ᠠ 2 ᠤᠳᠠᠭ᠎ᠠ ᠶᠠᠪᠤᠭᠳᠠᠵᠠᠢ᠃     ᠰᠠᠭᠤᠷᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠭᠤᠣᠯ ᠬᠦᠭ ᠠᠶᠠᠰ ᠢ ᠪᠠᠳᠠᠷᠠᠭᠤᠯᠤᠭᠰᠠᠨ᠃  ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ  ᠦᠵᠡᠯ ᠤᠬᠠᠮᠰᠠᠷ ᠤᠨ ᠬᠡᠯᠪᠡᠷᠢ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ  ᠭᠤᠣᠯᠳᠠᠯᠭ᠎ᠠ ᠲᠠᠢ ᠰᠠᠭᠤᠷᠢᠨ ᠭᠠᠵᠠᠷ  ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠨᠡᠪᠴᠢᠯᠲᠡ ᠪᠠ ᠡᠪᠳᠡᠯᠡᠭᠡ ᠶᠢᠨ ᠠᠵᠢᠯᠯᠠᠭ᠎ᠠ ᠶᠢ ᠡᠷᠡᠰ ᠰᠡᠷᠭᠡᠶᠢᠯᠡᠬᠦ ᠶᠢᠨ ᠬᠠᠮᠳᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ ᠱᠠᠲᠤᠨ ᠤ ᠥᠷᠲᠡᠭᠡ ᠴᠡᠭ ᠬᠢᠭᠡᠳ ︽ᠲᠠᠯ᠎ᠠ ᠨᠤᠲᠤᠭ ᠤᠨ ᠨᠣᠮ ᠤᠨ ᠥᠷᠥᠭᠡ︾  ᠶᠢᠨ ᠲᠦᠷᠢᠮᠵᠢᠭᠰᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂  ᠡᠯ᠎ᠡ ᠵᠦᠢᠯ ᠤᠨ ᠲᠦᠷᠢᠮ ᠢ ᠲᠤᠭᠳᠠᠭᠠᠵᠤ ᠪᠦᠷᠢᠨᠰᠢᠬᠦᠯᠦᠨ᠂ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠣᠶ ᠪᠤᠯᠭᠠᠪᠠ᠃     ᠤᠬᠠᠭᠤᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂  ᠵᠦᠪ ᠡᠨᠧᠷᠬᠢ ᠶᠢ ᠲᠠᠮᠵᠢᠭᠤᠯᠤᠭᠰᠠᠨ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ ᠢ ᠰᠠᠶᠢᠲᠤᠷ ᠬᠡᠷᠡᠭᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠦᠷᠨᠢᠬᠦᠯᠪᠡ᠃ ᠠᠳᠠᠯᠢ ᠪᠤᠰᠤ ᠴᠠᠭ ᠦᠶ᠎ᠡ ᠶᠢᠨ ᠤᠬᠠᠭᠤᠯᠭ᠎ᠠ ᠶᠢᠨ ᠭᠤᠣᠯᠳᠠᠯᠭ᠎ᠠ ᠶᠢ ᠡᠵᠡᠮᠳᠡᠨ᠂ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠣᠨᠴᠠᠭᠠᠶᠢᠯᠠᠨ ᠴᠢᠬᠤᠯᠠᠴᠢᠯᠠᠵᠤ᠂ ᠰᠦᠯᠵᠢᠶᠡᠨ ᠤ ᠮᠡᠳᠡᠭᠡ ᠵᠠᠩᠭᠢ ᠶᠢ ᠨᠡᠶᠢᠲᠡᠯᠡᠬᠦ ᠲᠣᠭᠲᠠᠴᠠ ᠶᠢᠨ ︽ᠭᠤᠷᠪᠠᠨ ᠬᠢᠨᠠᠯᠲᠠ︾ ᠶᠢᠨ ᠲᠦᠷᠢᠮ ᠢ ᠴᠢᠩᠭ᠎ᠠ ᠭᠡᠷᠡᠭᠵᠢᠬᠦᠯᠦᠨ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠺᠠᠳ᠋ᠷ ᠤᠯᠠᠨ ᠲᠦᠮᠡᠨ ᠢ ᠵᠢᠯᠤᠭᠤᠳᠤᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠬᠡᠢ ᠪᠠᠶᠢᠯᠭᠠᠵᠤ᠂ ᠰᠦᠯᠵᠢᠶᠡᠨ ᠤ ᠣᠷᠣᠨ ᠵᠠᠢ ᠶᠢ ᠴᠡᠪᠡᠷᠰᠢᠬᠦᠯᠵᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠭᠠᠵᠠᠷ ᠲᠤ ᠲᠦᠰᠢᠭᠯᠡᠨ᠂ ᠴᠢᠬᠤᠯᠠ ᠪᠠᠶᠠᠷ ᠲᠤᠷᠠᠰᠬᠠᠯ ᠤᠨ ᠡᠳᠦᠷ  ᠢ  ᠲᠤᠬᠢᠶᠠᠯᠳᠤᠭᠤᠯᠤᠨ ᠤᠯᠠᠨ ᠵᠦᠢᠯ ᠤᠨ ᠭᠤᠣᠯ ᠰᠡᠳᠦᠪᠲᠦ ᠤᠬᠠᠭᠤᠯᠭ᠎ᠠ ᠬᠦᠮᠦᠵᠢᠯ   ᠤᠨ ᠠᠵᠢᠯᠯᠠᠭ᠎ᠠ ᠶᠢ ᠥᠷᠨᠢᠭᠦᠯᠵᠦ᠂ ᠺᠠᠳ᠋ᠷ ᠠᠵᠢᠯᠳᠠᠳ   ᠢᠶᠠᠨ ᠵᠤᠬᠢᠶᠠᠨ ᠪᠠᠶᠢᠭᠤᠯᠵᠤ ᠳ᠋ᠧᠩᠯᠦ ᠶᠢᠨ ᠦᠢᠯᠡᠳᠪᠦᠷᠢ᠂ ᠠᠷᠢᠭᠤᠨ ᠴᠢᠬᠡᠴᠢ ᠶᠢᠨ ᠬᠥᠮᠦᠵᠢᠯ ᠤᠨ ᠰᠠᠭᠤᠷᠢᠨ ᠭᠠᠵᠠᠷ᠂ ᠦᠷᠡᠭᠳᠡᠭᠰᠡᠨ ᠪᠠᠭᠠᠳᠤᠷᠴᠤᠳ ᠤᠨ ᠪᠤᠩᠬᠤᠨ ᠤ ᠦᠵᠡᠬᠦᠯᠦᠯᠬᠡ ᠶᠢᠨ ᠣᠷᠳᠣᠨ ᠵᠡᠷᠭᠡ ᠶᠢ ᠲᠣᠭᠤᠷᠢᠨ ᠦᠵᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号