ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭᠠᠨ ᠤ ᠬᠡᠷᠡᠭᠵᠢᠭᠦᠯᠬᠦ ᠲᠦᠰᠦᠪ ︵2024 —2026︶
ᠨᠡᠶᠢᠲᠡᠯᠡᠭᠰᠡᠨ ᠴᠠᠭ᠄
2024/8/21
    ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠤᠯᠠᠮ ᠪᠠᠬᠢᠵᠢᠭᠦᠯᠵᠦ᠂ ᠦᠢᠯᠡᠳᠪᠦᠷᠢᠯᠡᠯ ᠤᠨ ᠬᠦᠨᠳᠦ ᠶᠡᠭᠡ ᠤᠰᠤᠯ ᠠᠳᠡᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠤᠰᠠᠳᠠ ︽ᠰᠢᠯᠢ ᠶᠢᠨ ᠭᠤᠤᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭᠠᠨ ᠤ ᠲᠦᠰᠦᠪ ︵2021 - 2026 ᠣᠨ︶︾ ᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ ᠪᠠᠶᠢᠭᠠᠳ ᠲᠣᠰ ᠲᠦᠰᠦᠪ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ    ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠪᠠᠷ ᠳᠠᠮᠵᠢᠨ᠂ ᠪᠦᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠠᠵᠢᠯ ᠲᠦᠷᠦᠯ ᠤᠨ ᠲᠥᠯᠥᠪᠵᠢᠭᠦᠯᠭᠡ ᠳᠤ ᠤᠷᠤᠭᠤᠯᠬᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠤᠷᠤᠭᠤᠯᠬᠤ᠂ ᠬᠠᠤᠯᠢ ᠲᠦᠷᠢᠮ ᠤᠨ ᠪᠠᠷᠢᠮᠵᠢᠶ᠎ᠠ ᠳᠤ ᠤᠷᠤᠭᠤᠯᠬᠤ᠂ ᠵᠠᠰᠠᠭ ᠵᠠᠬᠢᠷᠭᠠᠨ ᠤ ᠵᠥᠪᠰᠢᠶᠡᠷᠡᠯ ᠳᠤ ᠤᠷᠤᠭᠤᠯᠬᠤ ︵ᠲᠤᠷᠤᠭᠰᠢ ᠲᠦᠷᠪᠡ ᠶᠢ ᠣᠷᠣᠭᠤᠯᠬᠤ ᠭᠡᠵᠦ ᠲᠣᠪᠴᠢᠯᠠᠨ᠎ᠠ︶ ᠶᠢ ᠠᠬᠢᠭᠤᠯᠵᠤ᠂ ᠪᠦᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠠᠵᠢᠯ ᠲᠦᠷᠦᠯ ᠠᠵᠤ ᠠᠬᠤᠶᠢᠯᠠᠯ ᠤᠨ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠪᠠ ᠬᠠᠷᠢᠭᠤᠴᠠᠯᠭ᠎ᠠ ᠶᠢᠨ ᠤᠬᠠᠮᠰᠠᠷ ᠢ ᠦᠨᠡᠨᠬᠦ ᠲᠡᠭᠡᠭᠰᠢᠯᠡᠬᠦᠯᠦᠨ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠵᠤ᠂ ᠠᠶᠤᠯᠬᠦᠢ ᠦᠢᠯᠡᠳᠪᠦᠷᠢᠯᠡᠯ ᠤᠨ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠬᠤ ᠪᠠᠷ ᠴᠢᠷᠮᠠᠶᠢᠨ᠎ᠠ᠃ 2024 ᠣᠨ ᠤ ᠡᠴᠦᠰ ᠠᠴᠠ ᠡᠮᠦᠨ᠎ᠡ ︽ᠳᠥᠷᠪᠡ ᠶᠢ ᠣᠷᠣᠭᠤᠯᠬᠤ︾ ᠠᠵᠢᠯ ᠤᠨ ᠪᠠᠶᠢᠳᠠᠯ ᠢ ᠡᠮᠬᠢᠯᠡᠵᠦ᠂ 2023 ᠣᠨ ᠤ ᠡᠴᠦᠰ ᠠᠴᠠ ᠡᠮᠦᠨ᠎ᠡ ᠪᠠᠶᠢᠴᠠᠭᠠᠵᠤ ᠢᠯᠡᠷᠡᠭᠦᠯᠦᠭᠰᠡᠨ ᠬᠦᠨᠳᠦ ᠶᠡᠭᠡ ᠤᠰᠤᠯ ᠠᠳᠡᠯ ᠤᠨ ᠳᠠᠯᠳᠠ ᠬᠡᠮ ᠢ ᠦᠨᠳᠦᠰᠦᠨ ᠳᠡᠭᠡᠨ ᠠᠷᠢᠯᠭᠠᠨ᠎ᠠ᠃ 2025 ᠣᠨ ᠤ ᠡᠴᠦᠰ ᠠᠴᠠ ᠡᠮᠦᠨ᠎ᠡ ︽ᠳᠥᠷᠪᠡ ᠶᠢ ᠣᠷᠣᠭᠤᠯᠬᠤ︾ ᠠᠵᠢᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠦᠨᠳᠦ ᠶᠡᠭᠡ ᠤᠰᠤᠯ ᠠᠳᠡᠯ ᠤᠨ ᠳᠠᠯᠳᠠ ᠬᠡᠮ ᠤᠨ ᠨᠡᠮᠡᠭᠳᠡᠯ ᠤᠨ ᠬᠡᠮᠵᠢᠶ᠎ᠡ ᠶᠢ ᠪᠦᠲᠦᠮᠵᠢᠲᠡᠶ ᠬᠤᠷᠢᠭᠯᠠᠨ᠎ᠠ᠃ 2026 ᠣᠨ ᠤ ᠡᠴᠦᠰ ᠠᠴᠠ ᠡᠮᠦᠨ᠎ᠡ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠬᠦᠨᠳᠦ ᠶᠡᠭᠡ ᠤᠰᠤᠯ ᠠᠳᠡᠯ ᠤᠨ ᠳᠠᠯᠳᠠ ᠬᠡᠮ ᠢ ᠬᠥᠳᠡᠯᠦᠩᠭᠦᠶ ᠪᠠᠷ ᠠᠷᠢᠯᠭᠠᠬᠤ ᠬᠡᠪᠰᠢᠭᠰᠡᠨ ᠲᠣᠭᠲᠠᠴᠠ ᠶᠢ ᠪᠣᠶ ᠪᠣᠯᠭᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ᠂ ᠣᠯᠠᠨ ᠲᠠᠯ᠎ᠠ ᠪᠠᠷ ᠬᠤᠯᠪᠣᠭᠠᠯᠠᠨ ᠬᠦᠳᠡᠯᠦᠯᠴᠡᠭᠰᠡᠨ ᠠᠵᠢᠯ ᠤᠨ ᠪᠠᠶᠢᠷᠢᠰᠢᠯ ᠢ ᠦᠨᠳᠦᠰᠦᠨ ᠳᠡᠭᠡᠨ ᠪᠠᠶᠢᠭᠤᠯᠵᠤ᠂ ᠬᠤᠳᠠᠯᠳᠤᠭᠠᠨ ᠤ ᠶᠠᠪᠤᠳᠠᠯ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠤ ᠬᠦᠴᠦᠲᠡᠶ ᠪᠠᠲᠤᠯᠠᠭ᠎ᠠ ᠬᠠᠩᠭᠠᠨ᠎ᠠ᠃       ᠬᠤᠶᠠᠷ᠂ ᠭᠤᠣᠯ ᠡᠭᠦᠷᠭᠡ    ︵ᠨᠢᠭᠡ︶ ᠠᠵᠢᠯ ᠲᠦᠷᠦᠯ ᠤᠨ ᠲᠦᠯᠦᠪᠵᠢᠭᠦᠯᠭᠡ᠂ ᠠᠵᠤ ᠦᠢᠯᠡᠰ ᠤᠨ ᠲᠦᠷᠦ ᠶᠢᠨ ᠪᠣᠳᠣᠯᠭ᠎ᠠ᠂ ᠬᠠᠤᠯᠢ ᠲᠦᠷᠢᠮ ᠤᠨ ᠪᠠᠷᠢᠮᠵᠢᠶ᠎ᠠ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠳᠦᠷᠢᠮᠵᠢᠯ ᠢ ᠴᠢᠩᠭᠠᠳᠬᠠᠨ᠎ᠠ᠃    1. ᠠᠵᠢᠯ ᠲᠥᠷᠥᠯ ᠤᠨ ᠲᠥᠯᠥᠪᠵᠢᠭᠦᠯᠭᠡ ᠪᠠᠷ ᠲᠠᠮᠵᠢᠨ ᠠᠵᠢᠯ ᠲᠥᠷᠥᠯ ᠤᠨ ᠠᠮᠤᠷ ᠲᠦᠪᠰᠢᠨ ᠬᠥᠭᠵᠢᠯᠲᠡ ᠶᠢ ᠵᠢᠯᠣᠭᠤᠳᠤᠨ᠎ᠠ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠬᠠᠮᠢᠶ᠎ᠠ ᠪᠥᠬᠦᠶ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠳᠠᠭᠠᠬᠤ ᠳᠠᠭᠠᠨ ᠠᠶᠤᠯᠭᠦᠶ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠢ ᠵᠢᠯᠣᠭᠤᠳᠴᠤ ᠪᠠᠶᠢᠭᠠᠳ ᠠᠶᠤᠯᠬᠦᠢ‌‍ᠶ ᠦᠢᠯᠡᠳᠪᠦᠷᠢᠯᠡᠯ ᠤᠨ ᠥᠪᠡᠷ ᠢ ᠪᠠᠨ ᠱᠠᠭᠠᠷᠳᠠᠬᠤ ᠰᠠᠨᠠᠭᠠᠴᠢᠯᠠᠭ᠎ᠠ ᠪᠠ ᠲᠦᠭᠰᠢᠭᠦᠷᠢ ᠶᠢᠨ ᠰᠠᠨᠠᠭᠤᠯᠤᠮᠵᠢ ᠶᠢ ᠨᠡᠶᠢᠲᠡᠯᠡᠵᠤ᠂ ᠠᠵᠢᠯ ᠲᠥᠷᠥᠯ ᠤᠨ ᠠᠶᠤᠯᠬᠦᠢ  ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠨᠠᠩ ᠣᠯᠠᠨ ᠲᠤᠯᠭᠠᠭᠤᠷᠢᠯᠠᠯ ᠬᠠᠩᠭᠠᠨ᠎ᠠ᠃    2. ᠠᠶᠤᠯᠬᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠠᠭᠤᠰᠬᠠᠨ ᠣᠷᠣᠭᠤᠯᠤᠨ᠎ᠠ᠃ ᠤᠯᠤᠰ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠤᠭᠳᠠᠭᠠᠭᠰᠠᠨ ᠠᠮᠤᠷ ᠲᠦᠪᠰᠢᠨ ᠤ ︽ᠬᠤᠷᠢᠭ᠎ᠠ ᠱᠤᠭᠤᠮ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ᠂ ᠬᠠᠭᠤᠴᠢᠨ ᠨᠡᠷᠡᠲᠦ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠵᠡᠷᠭᠡ ᠬᠠᠮᠢᠶ᠎ᠠ ᠪᠦᠬᠦᠢ ᠠᠵᠢᠯ ᠤᠨ ᠳᠤᠮᠳᠠ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠤᠳᠤᠷᠬᠠᠶᠢᠯᠠᠨ᠂ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠬᠢᠭᠡᠳ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠤᠭᠳᠠᠭᠠᠵᠤ ᠭᠡᠷᠡᠭᠵᠢᠬᠦᠯᠬᠦ ᠳᠤ ᠠᠶᠤᠯᠬᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠤᠤᠱᠯᠠᠭᠤᠯᠬᠤ ᠭᠡᠷᠡᠭᠳᠡᠢ᠃     3. ᠬᠠᠤᠯᠢ ᠲᠦᠷᠢᠮ ᠤᠨ ᠪᠠᠷᠢᠮᠵᠢᠶ᠎ᠠ ᠳᠤ ᠠᠶᠤᠯᠬᠦᠢ ᠦᠢᠯᠡᠳᠪᠦᠷᠢᠯᠡᠯ ᠤᠨ ᠣᠨᠣᠯᠵᠢᠬᠤᠨ ᠢ ᠲᠤᠤᠱᠯᠠᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠳᠠᠬᠢ ᠡᠯ᠎ᠡ ᠲᠥᠷᠥᠯ ᠤᠨ ᠬᠠᠤᠯᠢ ᠲᠦᠷᠢᠮ ᠤᠨ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠢ ᠵᠢᠯᠣᠭᠤᠳᠴᠤ ᠪᠠᠶᠢᠭᠠᠳ ᠠᠶᠤᠯᠬᠦᠢ ᠦᠢᠯᠡᠳᠪᠦᠷᠢᠯᠡᠯ ᠤᠨ ᠠᠭᠤᠯᠭ᠎ᠠ ᠶᠢ ᠪᠤᠳᠠᠳᠠᠢ ᠪᠠᠨ ᠦᠨᠳᠦᠰᠦᠯᠡᠨ ᠪᠠᠷᠢᠮᠵᠢᠶ᠎ᠠ ᠳᠤ ᠣᠷᠣᠭᠤᠯᠬᠤ ᠶᠢ ᠠᠬᠢᠭᠤᠯᠤᠨ᠂ ᠣᠷᠣᠨ ᠨᠤᠲᠤᠭ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠬᠤ ᠳᠤ ᠠᠶᠤᠯᠬᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠤᠤᠱᠯᠠᠭᠤᠯᠬᠤ ᠬᠡᠷᠡᠭᠲᠡᠶ᠃ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠦᠨᠳᠦᠰᠦᠨ ᠲᠦᠷᠢᠮᠵᠢᠯ᠂ ᠪᠠᠭ᠎ᠠ ᠵᠢᠵᠢᠭ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠦᠨᠳᠦᠰᠦᠨ  ᠲᠦᠷᠢᠮᠵᠢᠯ ᠤᠨ ᠲᠤᠬᠠᠢ ᠤᠬᠠᠭᠤᠯᠤᠨ ᠲᠤᠤᠱᠯᠠᠭᠤᠯᠬᠤ ᠪᠠᠨ ᠴᠢᠩᠭᠠᠳᠬᠠᠵᠤ  ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠠᠬᠢᠭᠤᠯᠬᠤ ᠭᠡᠷᠡᠭᠳᠡᠢ᠃    4. ᠵᠠᠰᠠᠭ ᠵᠠᠬᠢᠷᠭᠠᠨ ᠤ ᠵᠥᠪᠰᠢᠶᠡᠷᠡᠯ ᠢᠶᠠᠷ ᠲᠠᠮᠵᠢᠨ ᠠᠵᠢᠯ ᠲᠥᠷᠥᠯ ᠤᠨ ᠠᠶᠤᠯᠬᠦᠢ ᠬᠥᠭᠵᠢᠯᠲᠡ ᠶᠢ ᠲᠦᠷᠢᠮᠵᠢᠬᠦᠯᠦᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠶᠠᠪᠤᠴᠠ ᠳᠤ ᠠᠶᠤᠯᠬᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠣᠷᠣᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃       ︵ᠬᠤᠶᠠᠷ︶ ᠬᠤᠳᠠᠯᠳᠤᠭᠠᠨ ᠤ ᠶᠠᠪᠤᠳᠠᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠭᠡᠮ ᠰᠤᠭᠤᠭ ᠢ ᠪᠠᠶᠢᠴᠠᠭᠠᠨ ᠴᠡᠭᠴᠡᠯᠡᠨ᠎ᠡ  ᠃    5. ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠤᠰᠤᠯ ᠠᠳᠡᠯ ᠤᠨ ᠳᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠨ ᠠᠷᠢᠯᠭᠠᠬᠤ ᠬᠡᠷᠡᠭᠲᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ᠂ ᠬᠡᠷᠡᠭᠯᠡᠭᠡᠨ ᠠᠴᠠ ᠭᠠᠷᠤᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠬᠤ᠂ ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ᠂  ᠵᠤᠴᠢᠳ  ᠤᠨ ᠪᠠᠭᠤᠳᠠᠯ ︵50 ᠣᠷᠣ ᠠᠴᠠ ᠳᠡᠭᠡᠭᠰᠢ︶ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠳᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ ᠲᠦᠪᠰᠢᠨ ᠤ ᠲᠤᠰᠬᠠᠶ ᠴᠡᠭᠴᠡᠯᠡᠯᠳᠡ ᠶᠢᠨ ᠠᠵᠢᠯ ᠢ ᠭᠦᠨᠵᠡᠭᠡᠶ ᠠᠬᠢᠭᠤᠯᠤᠨ᠎ᠠ᠃  ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠦᠨᠳᠦ ᠶᠡᠭᠡ ᠭᠡᠮ ᠰᠤᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠴᠡᠭᠴᠡᠯᠡᠬᠦ ᠬᠡᠪᠰᠢᠭᠰᠡᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂  ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠤᠯ ᠬᠠᠷᠢᠭᠤᠴᠠᠯᠭᠠᠳᠠᠨ ᠨᠢ ᠤᠯᠠᠷᠢᠯ ᠪᠤᠯᠭᠠᠨ ᠠᠳᠠᠭ ᠲᠠᠭᠠᠨ 1 ᠤᠳᠠᠭ᠎ᠠ ᠪᠠᠶᠢᠴᠠᠭᠠᠯᠲᠠ ᠬᠢᠵᠦ᠂ ᠪᠥᠬᠦ ᠠᠵᠢᠯᠲᠠᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠬᠦ ᠪᠦᠭᠡᠳ ᠨᠠᠶᠢᠳᠠᠪᠤᠷᠢᠵᠢᠭᠤᠯᠬᠤ ᠬᠡᠷᠡᠭᠲᠡᠶ᠃    6. ᠰᠠᠯᠠᠭ᠎ᠠ ᠮᠥᠴᠢᠷ ᠤᠨ ᠬᠠᠮᠳᠤᠷᠠᠯᠴᠠᠭ᠎ᠠ ᠪᠠᠨ ᠴᠢᠩᠭᠠᠳᠬᠠᠵᠤ ᠪᠠᠶᠢᠴᠠᠭᠠᠨ ᠴᠡᠭᠴᠡᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠬᠠᠮᠢᠶ᠎ᠠ ᠪᠥᠬᠦᠶ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ  ᠬᠠᠷᠢᠯᠴᠠᠭ᠎ᠠ ᠪᠠᠨ ᠴᠢᠩᠭᠠᠳᠬᠠᠵᠤ᠂  ᠬᠠᠮᠳᠤᠷᠠᠯ ᠤᠨ ᠬᠦᠴᠦᠨ ᠢ ᠪᠤᠢ ᠪᠤᠯᠭᠠᠨ᠂  ᠪᠠᠶᠢᠴᠠᠭᠠᠨ ᠴᠡᠭᠴᠡᠯᠡᠬᠦ ᠶᠠᠪᠤᠴᠠ ᠳᠤ ᠢᠯᠡᠷᠡᠭᠰᠡᠨ ᠬᠠᠮᠢᠶ᠎ᠠ ᠪᠥᠬᠦᠶ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ 2024 ᠣᠨ ᠤ ᠡᠴᠦᠰ ᠠᠴᠠ ᠡᠮᠦᠨ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠵᠤ ᠪᠠᠶᠢᠭᠠᠳ ᠱᠠᠭᠠᠷᠳᠠᠨ ᠵᠢᠯᠤᠭᠤᠳᠬᠤ ᠪᠠ ᠪᠠᠶᠢᠴᠠᠭᠠᠨ ᠴᠡᠭᠴᠡᠯᠡᠬᠦ ᠠᠵᠢᠯ ᠤᠨ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ᠂ 2025 ᠣᠨ ᠤ  ᠡᠴᠦᠰ ᠠᠴᠠ ᠡᠮᠦᠨ᠎ᠡ ᠠᠵᠢᠯ ᠤᠨ ᠲᠣᠭᠲᠠᠴᠠ ᠶᠢ ᠪᠠᠶᠢᠩᠭᠤᠵᠢᠭᠤᠯᠤᠨ᠂ 2026 ᠣᠨ ᠤ ᠡᠴᠦᠰ ᠠᠴᠠ ᠡᠮᠦᠨ᠎ᠡ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃    ︵ᠭᠤᠷᠪᠠ︶ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠢ ᠦᠷᠨᠢᠬᠦᠯᠦᠨ᠎ᠡ᠃    7. ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠠᠶᠤᠯᠬᠦᠢ ᠦᠢᠯᠡᠳᠪᠦᠷᠢᠯᠡᠯ ᠤᠨ ᠣᠨᠣᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠤᠯᠪᠠᠰᠤᠷᠠᠯ ᠬᠥᠮᠦᠵᠢᠯ ᠤᠨ ᠲᠥᠯᠥᠪᠯᠡᠭᠡ ᠳᠤ ᠤᠷᠤᠭᠤᠯᠤᠨ᠂ ᠬᠦᠨᠳᠦ ᠶᠡᠭᠡ ᠤᠰᠤᠯ ᠠᠳᠡᠯ  ᠤᠨ ᠳᠠᠯᠳᠠ ᠬᠡᠮ ᠢ  ᠪᠠᠶᠢᠴᠠᠭᠠᠨ ᠴᠡᠭᠴᠡᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠬᠤ ᠭᠡᠷᠡᠭᠳᠡᠢ᠃    8. ᠭᠤᠤᠯᠳᠠᠯᠭ᠎ᠠ ᠲᠠᠢ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠪᠣᠯᠪᠠᠰᠤᠷᠠᠯ ᠬᠥᠮᠦᠵᠢᠯ ᠢ ᠥᠷᠨᠢᠭᠦᠯᠦᠨ᠎ᠡ᠃ 2024 ᠣᠨ ᠤ ᠡᠴᠦᠰ ᠠᠴᠠ ᠡᠮᠦᠨ᠎ᠡ ᠲᠣᠰ ᠭᠠᠵᠠᠷ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠪᠣᠯᠪᠠᠰᠤᠷᠠᠯ ᠬᠥᠮᠦᠵᠢᠯ ᠤᠨ ᠤᠳᠠᠭ᠎ᠠ ᠲᠠᠷᠠᠭ᠎ᠠ᠂ ᠠᠭᠤᠯᠭ᠎ᠠ ᠬᠡᠪᠴᠢᠶ᠎ᠡ᠂ ᠴᠠᠭ ᠬᠤᠭᠤᠴᠠᠭ᠎ᠠ ᠵᠡᠷᠭᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠪᠣᠯᠪᠠᠰᠤᠷᠠᠯ  ᠬᠥᠮᠦᠵᠢᠯ ᠤᠨ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠬᠦᠯᠦᠨ᠂ ᠪᠣᠯᠪᠠᠰᠤᠷᠠᠭᠤᠯᠤᠭᠰᠠᠨ ᠴᠢᠯᠠᠭᠤᠨ ᠲᠣᠰᠣ᠂ ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠬᠤ ᠵᠡᠷᠭᠡ ᠠᠵᠤ ᠠᠬᠤᠶᠢᠯᠠᠯ ᠳᠤ ᠭᠤᠤᠯᠳᠠᠯᠭ᠎ᠠ ᠲᠠᠢ ᠪᠠᠷ ᠪᠣᠯᠪᠠᠰᠤᠷᠠᠯ ᠬᠦᠷᠳᠡᠭᠡᠨ᠎ᠡ᠃ ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ ᠪᠠ ᠬᠤᠳᠠᠯᠳᠤᠭᠠᠨ ᠤ ᠲᠠᠯᠠᠪᠤᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠢ ᠲᠥᠪᠯᠡᠷᠡᠭᠦᠯᠦᠨ ᠪᠤᠯᠪᠠᠰᠤᠷᠠᠭᠤᠯᠵᠤ᠂ ᠣᠨᠴᠠ ᠲᠥᠷᠥᠯ ᠤᠨ ᠠᠵᠢᠯ ᠡᠷᠬᠢᠯᠡᠭᠰᠡᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠠᠬᠢᠭᠤᠯᠵᠤ᠂ ᠣᠨᠴᠠ ᠲᠥᠷᠥᠯ ᠤᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠨ᠂ ᠭᠠᠯ ᠰᠡᠷᠭᠡᠶᠢᠯᠡᠯᠳᠡ ᠪᠠ ᠠᠶᠤᠯᠬᠦᠢ ᠦᠢᠯᠡᠳᠪᠦᠷᠢᠯᠡᠯ ᠤᠨ  ᠠᠵᠢᠯ ᠤᠨ ᠳᠦᠷᠢᠮ ᠢ ᠴᠢᠩᠭ᠎ᠠ ᠵᠢᠷᠤᠮᠯᠠᠨ ᠭᠡᠷᠡᠭᠵᠢᠬᠦᠯᠬᠦ ᠬᠡᠷᠡᠭᠲᠡᠶ᠃    9. ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠳᠠᠬᠢ ᠡᠵᠡᠩᠨᠡᠯᠲᠡ ᠶᠢᠨ ᠭᠤᠤᠯ ᠴᠣᠭᠴᠠ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠵᠢᠯ ᠡᠷᠭᠢᠯᠡᠭᠰᠡᠳ ᠤᠨ ᠠᠶᠤᠯ ᠠᠴᠠ ᠵᠠᠶᠢᠯᠠᠵᠤ ᠠᠮᠢ ᠪᠠᠨ ᠠᠪᠤᠷᠠᠬᠤ ᠦᠵᠡᠯ ᠤᠬᠠᠮᠰᠠᠷ ᠪᠠ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠤᠨᠲᠠᠷᠠᠭᠠᠬᠤ ᠰᠣᠷᠢᠯᠲᠠ ᠪᠤᠯᠪᠠᠰᠤᠷᠠᠯ ᠢ  ᠢᠳᠡᠪᠬᠢᠲᠡᠶ ᠦᠷᠨᠢᠬᠦᠯᠦᠨ  ᠂  ᠠᠶᠤᠯᠬᠦᠢ ᠦᠢᠯᠡᠳᠪᠦᠷᠢᠯᠡᠯ ᠤᠨ ᠬᠢᠷᠢ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠡᠢ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠠᠶᠤᠯ ᠠᠴᠠ ᠵᠠᠶᠢᠯᠠᠵᠤ ᠠᠮᠢ ᠵᠢᠭᠤᠲᠠᠬᠤ ᠰᠣᠷᠢᠯᠲᠠ ᠶᠢ ᠵᠢᠯ ᠳᠤ ᠠᠳᠠᠭ ᠲᠠᠭᠠᠨ ᠨᠢᠭᠡ ᠤᠳᠠᠭ᠎ᠠ ᠥᠷᠨᠢᠭᠦᠯᠵᠦ᠂ ᠪᠥᠬᠦ  ᠠᠵᠢᠯᠳᠠᠳ ᠲᠠᠭᠠᠨ  ᠠᠶᠤᠯ ᠠᠴᠠ ᠵᠠᠶᠢᠯᠠᠬᠤ ᠵᠠᠮ᠂  ᠠᠮᠢ ᠵᠢᠭᠤᠳᠠᠬᠤ ᠡᠭᠦᠳᠡ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠱᠠᠭᠠᠷᠳᠠᠯᠭ᠎ᠠ ᠶᠢ ᠰᠠᠶᠢᠨ ᠣᠶᠢᠯᠠᠭᠠᠭᠤᠯᠵᠤ ᠂ ᠬᠡᠪᠰᠢᠭᠰᠡᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃    10. ᠠᠵᠢᠯ ᠲᠥᠷᠥᠯ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠰᠡᠷᠡᠮᠵᠢᠯᠡᠬᠦᠯᠦᠯ ᠢ ᠴᠢᠩᠭᠠᠳᠬᠠᠨ᠎ᠠ᠃ ︽ᠰᠢᠯᠢ ᠶᠢᠨ ᠭᠤᠤᠯ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠬᠦᠷᠢᠶᠡᠨ ᠳᠠᠬᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠤᠬᠠᠭᠤᠯᠤᠨ ᠲᠤᠤᠱᠯᠠᠭᠤᠯᠵᠤ᠂ ᠨᠡᠶᠢᠭᠡᠮ ᠨᠡᠶᠢᠲᠡ ᠪᠣᠯᠤᠨ ᠠᠵᠢᠯᠳᠠᠳ ᠢ ᠭᠦᠢᠴᠡᠳ ᠳᠠᠶᠢᠴᠢᠯᠠᠨ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠳᠤ ᠣᠷᠣᠰᠢᠵᠤ ᠪᠠᠶᠢᠭ᠎ᠠ ᠬᠦᠨᠳᠦ ᠶᠡᠭᠡ   ᠭᠡᠮ ᠰᠤᠭᠤᠭ ᠢ ᠢᠯᠡᠴᠢᠯᠡᠨ ᠮᠡᠳᠡᠭᠦᠯᠵᠦ᠂  ᠡᠯ᠎ᠡ ᠲᠥᠷᠥᠯ ᠤᠨ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠬᠦᠯᠬᠦ ᠭᠡᠷᠡᠭᠳᠡᠢ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠡᠯ᠎ᠡ ᠲᠦᠷᠦᠯ ᠤᠨ ᠲᠦᠭᠰᠢᠭᠦᠷᠢ ᠶᠢᠨ ᠮᠡᠳᠡᠭᠡ ᠵᠠᠩᠭᠢ ᠪᠣᠯᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠨᠡᠶᠢᠲᠡᠯᠡᠵᠦ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠤᠬᠠᠮᠰᠠᠷ ᠢ ᠴᠢᠩᠭᠠᠳᠬᠠᠬᠤ ᠭᠡᠷᠡᠭᠳᠡᠢ᠃ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ  ︾ ᠭᠤᠤᠯ ᠰᠡᠳᠦᠪ ᠪᠠ  ᠡᠬᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠂ ︽ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ︾ ᠵᠡᠷᠭᠡ ᠠᠵᠢᠯᠯᠠᠭ᠎ᠠ ᠶᠢ ᠭᠦᠨᠵᠡᠭᠡᠶ ᠦᠷᠨᠢᠬᠦᠯᠦᠨ᠂ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ  ᠣᠯᠠᠨ ᠨᠡᠶᠢᠲᠡ ᠶᠢᠨ ᠲᠠᠯᠠᠪᠤᠷ ᠲᠤ ᠤᠷᠢᠶ᠎ᠠ ᠨᠠᠭᠠᠬᠤ᠂ ᠪᠢᠴᠢᠭᠡᠰᠦ ᠡᠯᠬᠦᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ ᠨᠡᠶᠢᠭᠡᠮᠴᠢᠯᠡᠭᠰᠡᠨ ᠤᠬᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠬᠦ ᠭᠡᠷᠡᠭᠳᠡᠢ᠃      ᠭᠤᠷᠪᠠ᠂ ᠴᠠᠭ ᠤᠨ ᠪᠠᠶᠢᠷᠢᠯᠠᠭᠤᠯᠤᠯᠳᠠ       2024 ᠣᠨ ᠤ 1 ᠰᠠᠷ᠎ᠠ ᠠᠴᠠ 2026 ᠣᠨ ᠤ 12 ᠰᠠᠷ᠎ᠠ ᠪᠣᠯᠲᠠᠯ᠎ᠠ ᠳᠥᠷᠪᠡᠨ ᠱᠠᠲᠤ ᠬᠤᠪᠢᠶᠠᠨ ᠶᠠᠪᠤᠭᠳᠠᠨ᠎ᠠ᠃    ︵ᠨᠢᠭᠡ︶ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠱᠠᠲᠤ  ︵2024 ᠣᠨ ᠤ 2 ᠰᠠᠷ᠎ᠠ ᠠᠴᠠ 4 ᠰᠠᠷ᠎ᠠ︶᠃ ︽ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ  ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ  ᠪᠣᠭᠤᠮᠲᠠ ᠰᠢᠪᠲᠤᠯᠬᠤ ᠠᠵᠢᠯᠯᠠᠭᠠᠨ ᠤ ᠬᠡᠷᠡᠭᠵᠢᠭᠦᠯᠬᠦ ᠲᠦᠰᠦᠪ ︵2024-2026︶︾ ᠢ ᠨᠡᠶᠢᠳᠡᠯᠡᠵᠦ᠂ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠳᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠪᠠᠶᠢᠷᠢᠯᠠᠭᠤᠯᠤᠨ᠂ ᠲᠤᠰ ᠭᠠᠵᠠᠷ ᠣᠷᠣᠨ ᠤ ᠪᠠᠨ ᠭᠤᠷᠪᠠᠨ ᠵᠢᠯ ᠤᠨ ᠠᠵᠢᠯᠯᠠᠭᠠᠨ ᠤ ᠲᠦᠰᠦᠪ ᠢ ᠲᠣᠭᠲᠠᠭᠠᠵᠤ᠂ ᠭᠤᠷᠪᠠᠨ ᠵᠢᠯ ᠤᠨ ᠠᠵᠢᠯᠯᠠᠭᠠᠨ ᠤ ᠪᠣᠳᠠᠲᠠᠶ ᠲᠣᠬᠢᠷᠠᠭᠤᠯᠤᠯᠲᠠ ᠶᠢ ᠬᠢᠨ᠎ᠡ᠃     ︵ᠬᠤᠶᠠᠷ︶ ᠲᠤᠰᠬᠠᠢ ᠴᠡᠭᠴᠡᠯᠡᠯᠳᠡ ᠶᠢᠨ ᠱᠠᠲᠤ  ︵2024 ᠣᠨ ᠤ 5 ᠰᠠᠷ᠎ᠠ ᠠᠴᠠ 2025 ᠣᠨ ᠤ 12 ᠰᠠᠷ᠎ᠠ︶  ᠃  ᠬᠡᠷᠡᠭᠵᠢᠭᠦᠯᠬᠦ ᠲᠦᠰᠦᠪ ᠤᠨ ᠶᠣᠰᠣᠭᠠᠷ᠂ ︽ᠭᠤᠷᠪᠠᠨ ᠶᠡᠭᠡ ᠠᠵᠢᠯᠯᠠᠭ᠎ᠠ︾ ᠶᠢᠨ 10 ᠵᠦᠢᠯ ᠤᠨ ᠪᠣᠳᠠᠲᠠᠶ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠲᠣᠰ ᠭᠠᠵᠠᠷ ᠣᠷᠣᠨ ᠤ ᠪᠠᠨ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠪᠠ ᠭᠤᠤᠯᠳᠠᠯᠭ᠎ᠠ ᠲᠠᠢ ᠨᠢᠭᠡᠴᠡ  ᠂ ᠵᠠᠩᠭᠢᠯᠠᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ  ᠳᠠᠯᠳᠠ ᠬᠡᠮ ᠢ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠨ ᠴᠡᠭᠴᠡᠯᠡᠵᠦ᠂ ᠬᠦᠨᠳᠦ ᠶᠡᠭᠡ  ᠬᠡᠮ ᠰᠤᠭᠤᠭ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠬᠡᠷᠡᠭᠯᠡᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠨᠢᠭᠡᠴᠡ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠤᠳᠤᠷᠬᠠᠶᠢᠯᠵᠤ᠂ ᠪᠠᠶᠢᠴᠠᠭᠠᠬᠤ ᠶᠢᠨ ᠳᠠᠭᠠᠤ ᠴᠡᠭᠴᠡᠯᠡᠨ᠂ ᠠᠩᠬ᠎ᠠ ᠠᠯᠬᠤᠮ ᠤᠨ ᠦᠷ᠎ᠡ ᠪᠦᠲᠦᠮᠵᠢ   ᠶᠢ ᠤᠯᠬᠤ ᠭᠡᠷᠡᠭᠳᠡᠢ᠃    ︵ᠭᠤᠷᠪᠠ︶ ᠪᠠᠳᠤᠳᠬᠠᠨ ᠲᠡᠭᠡᠭᠰᠢᠯᠡᠬᠦᠯᠬᠦ ᠱᠠᠲᠤ ︵2026 ᠣᠨ ᠤ 1 ᠰᠠᠷ᠎ᠠ ᠠᠴᠠ 2026 ᠣᠨ ᠤ 9 ᠰᠠᠷ᠎ᠠ︶᠃  ᠬᠦᠨᠳᠦ ᠶᠡᠭᠡ ᠭᠡᠮ ᠰᠤᠭᠤᠭ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠰᠢᠨᠡᠳᠬᠡᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂  ᠠᠬᠤᠢ ᠲᠠᠯᠠᠪᠠᠢ ᠶᠢᠨ ᠠᠬᠢᠭᠤᠯᠭ᠎ᠠ ᠶᠢᠨ ᠬᠤᠷᠠᠯ ᠡᠷᠬᠢᠯᠡᠬᠦ  ᠰᠢᠯᠢᠳᠡᠭ ᠰᠠᠶᠢᠨ ᠠᠷᠭ᠎ᠠ ᠲᠤᠷᠰᠢᠯᠭ᠎ᠠ ᠶᠢ ᠳᠡᠯᠭᠡᠷᠡᠭᠦᠯᠬᠦ ᠪᠠᠷ ᠲᠠᠮᠵᠢᠭᠠᠳ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂  ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠪᠠᠶᠢᠴᠠᠭᠠᠨ ᠴᠡᠭᠴᠡᠯᠡᠬᠦ ᠪᠠ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠬᠦᠯᠦᠨ᠂ ᠴᠡᠭᠴᠡᠯᠡᠨ ᠵᠠᠰᠠᠬᠤ ᠠᠵᠢᠯ ᠳᠤ ᠢᠯᠡᠷᠬᠡᠢ ᠦᠷ᠎ᠡ ᠪᠦᠲᠦᠮᠵᠢ ᠤᠯᠬᠤ ᠭᠡᠷᠡᠭᠳᠡᠢ᠃    ︵ᠳᠥᠷᠪᠡ︶ ᠳ᠋ᠦᠩᠨᠡᠨ ᠦᠨᠡᠯᠡᠬᠦ ᠱᠠᠲᠤ  ︵2026 ᠣᠨ ᠤ 10 ᠰᠠᠷ᠎ᠠ ᠠᠴᠠ 12 ᠰᠠᠷ᠎ᠠ︶᠃ ᠠᠶᠤᠯᠬᠦᠢ ᠦᠢᠯᠡᠳᠪᠦᠷᠢᠯᠡᠯ ᠤᠨ ᠨᠡᠶᠢᠲᠡᠯᠢᠭ ᠴᠢᠨᠠᠷᠲᠠᠶ ᠠᠰᠠᠭᠤᠳᠠᠯ ᠪᠣᠯᠤᠨ ᠳᠣᠪᠤᠶᠢᠮ᠎ᠠ ᠭᠡᠮ ᠰᠤᠭᠤᠭ ᠤᠨ ᠠᠰᠠᠭᠤᠳᠠᠯ ᠢ ᠭᠦᠨᠵᠡᠭᠡᠶ ᠵᠠᠳᠠᠯᠵᠤ᠂ ᠵᠥᠷᠢᠴᠡᠯ ᠪᠠ ᠰᠢᠯᠲᠠᠭᠠᠨ ᠢ ᠢᠯᠡᠷᠡᠬᠦᠯᠦᠨ᠂ ᠡᠯ᠎ᠡ ᠲᠥᠷᠥᠯ ᠤᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠦᠷᠦᠯ ᠲᠠᠷᠠᠭᠠᠯᠠᠵᠤ ᠨᠠᠶᠢᠳᠠᠪᠤᠷᠢᠵᠢᠭᠤᠯᠤᠨ ᠠᠬᠢᠭᠤᠯᠬᠤ ᠭᠡᠷᠡᠭᠳᠡᠢ᠃     ᠳᠥᠷᠪᠡ᠂ ᠪᠠᠳᠤᠯᠠᠭᠠᠨ ᠤ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ  ᠪᠣᠭᠤᠮᠲᠠ ᠰᠢᠪᠲᠤᠯᠬᠤ ᠠᠵᠢᠯᠯᠠᠭᠠᠨ ᠤ ᠤᠳᠤᠷᠢᠳᠬᠤ ᠳᠤᠭᠤᠶᠢᠯᠠᠩ ᠢ  ᠪᠠᠶᠢᠭᠤᠯᠤᠭᠰᠠᠨ ᠪᠠᠶᠢᠳᠠᠯ ᠲᠤᠤᠷᠠᠬᠢ ᠮᠡᠳᠦ᠄     ᠳᠤᠭᠤᠶᠢᠯᠠᠩ ᠤᠨ ᠳᠠᠷᠤᠭ᠎ᠠ᠄ ᠭᠤᠤ ᠴᠠᠩ    ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ     ᠳᠤᠭᠤᠶᠢᠯᠠᠩ ᠤᠨ ᠳᠡᠳ᠋ ᠳᠠᠷᠤᠭ᠎ᠠ᠄ ᠶᠠᠩ ᠪᠦᠦ ᠯᠢ    ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ                                   ᠯᠦ ᠱᠤ᠋ ᠵᠢᠶᠦ᠋ᠨ    ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ     ᠭᠡᠰᠢᠬᠦᠨ᠄ ᠼᠤᠤ ᠵᠠᠨ ᠬᠤᠩ      ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠠᠰᠤᠭ ᠤᠨ ᠳᠠᠷᠤᠭ᠎ᠠ              ᠵᠦ ᠵᠢᠩ ᠵᠢᠩ        ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠠᠰᠤᠭ ᠤᠨ ᠳᠠᠷᠤᠭ᠎ᠠ              ᠶᠢᠨ ᠹᠦ᠋ ᠯᠢᠶᠠᠩ      ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠠᠰᠤᠭ ᠤᠨ ᠠᠵᠢᠯᠲᠠᠨ              ᠯᠢ ᠢᠦᠢ ᠲᠢᠩ       ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠠᠰᠤᠭ ᠤᠨ ᠠᠵᠢᠯᠲᠠᠨ      ᠤᠳᠤᠷᠢᠳᠬᠤ ᠳᠤᠭᠤᠶᠢᠯᠠᠩ ᠤᠨ ᠡᠬᠦᠷᠭᠡ ᠬᠠᠷᠢᠭᠤᠴᠠᠯᠭ᠎ᠠ ᠪᠤᠯ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ ᠠᠵᠢᠯ ᠤᠨ ᠲᠠᠶᠢᠴᠢᠯᠠᠯᠳᠠ ᠪᠠ ᠪᠠᠶᠢᠷᠢᠯᠠᠭᠤᠯᠤᠯᠳᠠ ᠶᠢ ᠬᠢᠵᠦ᠂ ᠭᠤᠷᠪᠠᠨ ᠵᠢᠯ ᠤᠨ  ᠪᠣᠭᠤᠮᠲᠠ ᠰᠢᠪᠲᠤᠯᠬᠤ ᠠᠵᠢᠯᠯᠠᠭᠠᠨ ᠤ  ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂  ᠠᠶᠤᠯᠭᠦᠶ ᠦᠢᠯᠡᠳᠪᠦᠷᠢᠯᠡᠯ ᠤᠨ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠵᠠᠳᠠᠯᠤᠨ ᠰᠤᠳᠤᠯᠬᠤ ᠶᠢᠨ ᠬᠠᠮᠲᠤ ᠪᠠᠶᠢᠩᠭᠤ ᠶᠢᠨ ᠴᠢᠨᠠᠷᠲᠠᠶ  ᠵᠢᠯᠤᠭᠤᠳᠤᠯᠭ᠎ᠠ ᠪᠠ ᠪᠠᠶᠢᠴᠠᠭᠠᠯᠳᠠ ᠬᠢᠵᠦ  ᠪᠣᠭᠤᠮᠲᠠ ᠰᠢᠪᠲᠤᠯᠬᠤ ᠠᠵᠢᠯᠯᠠᠭ᠎ᠠ ᠶᠢᠨ ᠪᠣᠳᠠᠲᠠᠶ ᠠᠵᠢᠯ ᠢ ᠨᠠᠶᠢᠳᠠᠪᠤᠷᠢᠵᠢᠭᠤᠯᠤᠨ᠎ᠠ᠃ ︵ᠬᠠᠷᠢᠯᠴᠠᠬᠤ ᠬᠦᠮᠦᠨ᠄ ᠶᠢᠨ ᠹᠦ᠋ ᠯᠢᠶᠠᠩ  ᠂ ᠬᠠᠷᠢᠯᠴᠠᠬᠤ ᠤᠲᠠᠰᠤ᠄ 5238677︶     ︵ᠬᠤᠶᠠᠷ︶  ᠰᠠᠯᠠᠭ᠎ᠠ ᠮᠦᠴᠢᠷ ᠤᠨ ᠬᠠᠮᠵᠢᠯᠴᠠᠭ᠎ᠠ ᠪᠠᠨ ᠴᠢᠩᠭᠠᠳᠬᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢ ᠮᠡᠳᠡᠭᠡ ᠵᠠᠩᠭᠢ ᠶᠢᠨ ᠰᠤᠯᠢᠯᠴᠠᠭ᠎ᠠ ᠪᠠᠨ ᠴᠢᠩᠭᠠᠳᠬᠠᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ  ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠦᠷᠨᠢᠬᠦᠯᠬᠦ ᠭᠡᠷᠡᠭᠳᠡᠢ ᠃ ᠭᠡᠮ ᠰᠤᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠢᠳᠡᠪᠬᠢᠲᠡᠶ ᠥᠷᠨᠢᠭᠦᠯᠬᠦ ᠶᠢᠨ ᠬᠠᠮᠲᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂  ᠠᠶᠤᠯᠬᠦᠢ ᠦᠢᠯᠡᠳᠪᠦᠷᠢᠯᠡᠯ ᠤᠨ ᠨᠡᠯᠢᠶᠡᠳ ᠶᠡᠭᠡ  ᠤᠰᠤᠯ ᠠᠳᠡᠯ ᠭᠠᠷᠭᠠᠵᠤ ᠰᠢᠳᠭᠡᠯ ᠲᠤᠷᠭᠠᠭᠤᠯᠢ ᠤᠯᠤᠭᠰᠠᠨ ᠪᠤᠶᠤ ᠴᠡᠭᠴᠡᠯᠡᠨ ᠰᠠᠶᠢᠵᠢᠷᠠᠭᠤᠯᠬᠤ ᠶᠢ ᠲᠡᠪᠴᠢᠵᠦ ᠬᠦᠨᠳᠦ ᠨᠣᠴᠢᠲᠠᠶ ᠮᠠᠭᠤ ᠨᠥᠯᠥᠭᠡ ᠪᠣᠯᠭᠠᠭᠰᠠᠨ ᠠᠵᠤ ᠠᠬᠤᠶᠢᠯᠠᠯ ᠳᠤ ᠬᠠᠷ᠎ᠠ ᠳᠠᠩᠰᠠ ᠶᠢᠨ ᠳᠦᠷᠢᠮ ᠢ ᠭᠡᠷᠡᠭᠵᠢᠬᠦᠯᠵᠦ᠂  ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠭᠤᠬᠤ ᠦᠭᠡᠶ᠃    ︵ᠭᠤᠷᠪᠠ︶ ᠠᠵᠢᠯ ᠤᠨ ᠬᠢᠨᠠᠯᠳᠠ ᠪᠠ ᠵᠢᠯᠣᠭᠤᠳᠤᠯᠭ᠎ᠠ ᠶᠢ ᠴᠢᠩᠭᠠᠳᠬᠠᠨ᠎ᠠ᠃ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠪᠣᠯᠤᠨ ᠡᠳᠦᠷ ᠲᠤᠳᠤᠮ ᠤᠨ ᠲᠤᠬᠠᠶᠢᠯᠠᠭᠰᠠᠨ ᠠᠵᠢᠯ ᠤᠨ ᠤᠶᠠᠯᠳᠤᠯ ᠢ ᠠᠬᠢᠭᠤᠯᠵᠤ᠂ ᠶᠠᠷᠢᠯᠴᠠᠨ ᠰᠣᠯᠢᠯᠴᠠᠬᠤ᠂ ᠪᠠᠶᠢᠴᠠᠭᠠᠨ ᠰᠤᠳᠤᠯᠬᠤ᠂  ᠰᠠᠨᠠᠭᠤᠯᠤᠨ ᠰᠡᠷᠡᠮᠵᠢᠯᠡᠬᠦᠯᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠂ ᠠᠵᠢᠯ ᠤᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠨ ᠢᠯᠡᠷᠡᠭᠦᠯᠬᠦ ᠶᠢᠨ ᠬᠠᠮᠳᠤ ᠵᠣᠬᠢᠴᠠᠭᠤᠯᠤᠨ ᠰᠢᠢᠳᠪᠦᠷᠢᠯᠡᠵᠦ᠂ ᠭᠤᠷᠪᠠᠨ ᠵᠢᠯ ᠤᠨ  ᠪᠣᠭᠤᠮᠲᠠ ᠰᠢᠪᠲᠤᠯᠬᠤ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃     ︵ᠲᠦᠷᠪᠡ︶ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠣᠭᠠᠴᠢᠯᠠᠭᠰᠠᠨ ᠬᠡᠯᠪᠡᠷᠢ ᠲᠡᠰᠢ ᠬᠤᠪᠢᠷᠠᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ ᠵᠡᠷᠭᠡ ᠮᠡᠷᠭᠡᠵᠢᠯ ᠲᠠᠢ ᠤᠶᠠᠯᠳᠤᠭᠤᠯᠤᠨ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ ᠭᠡᠷᠡᠭᠯᠡᠬᠦ ᠪᠠ ᠲᠠᠰ ᠳᠡᠪᠰᠢᠭᠦᠯᠦᠨ ᠥᠭᠡᠷᠡᠴᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠰᠢᠲᠠᠮᠠᠬᠠᠶ ᠬᠡᠢ ᠭᠡᠷᠡᠭᠯᠡᠬᠦ ᠲᠠᠯᠠᠪᠤᠷ ᠤᠨ ︽ᠯᠤᠩᠬᠤ ᠪᠠᠨ ᠭᠤᠤᠷᠰᠤ ᠪᠤᠯᠭᠠᠬᠤ︾ ︽ᠬᠡᠢ ᠪᠠᠨ ᠴᠠᠬᠢᠯᠭᠠᠨ ᠪᠤᠯᠭᠠᠬᠤ︾ ᠦᠬᠡᠷᠡᠴᠢᠯᠡᠯᠳᠡ ᠶᠢ ᠠᠬᠢᠭᠤᠯᠤᠨ᠂ ᠬᠤᠯᠪᠣᠭᠳᠠᠯ ᠪᠥᠬᠦᠶ ᠠᠵᠢᠯ ᠲᠥᠷᠥᠯ  ᠤᠨ ᠬᠢᠨ ᠢ ᠲᠡᠳᠬᠦᠵᠦ ᠲᠡᠷᠢᠭᠦᠨ ᠤ ᠮᠡᠷᠭᠡᠵᠢᠯ ᠲᠣᠨᠣᠭᠯᠠᠯ ᠢ ᠴᠠᠭ ᠲᠤᠬᠠᠶ ᠳᠤᠨᠢ ᠰᠢᠨᠡᠳᠬᠡᠨ᠂ ᠪᠣᠯᠪᠠᠰᠤᠷᠠᠩᠭᠤᠶ ᠠᠷᠭ᠎ᠠ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠠᠵᠢᠯ ᠲᠥᠷᠥᠯ ᠤᠨ ᠬᠠᠮᠢᠶᠠᠷᠤᠯᠲᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号