8 ᠰᠠᠷ᠎ᠠ ᠶᠢᠨ 22 ᠤᠨ ᠡᠳᠦᠷ ᠂ ︽ᠨᠤᠮ ᠤᠨ ᠦᠨᠦᠷ ᠲᠠᠢ ᠠᠩᠬᠢᠯᠤᠮ᠎ᠠ ᠰᠠᠷᠭᠠᠢ︾ ᠲᠠᠶᠢᠹᠤᠰᠧ | ᠬᠤᠰᠢᠭᠤᠨ ᠤ 2024 ᠣᠨ ᠤ ᠡᠮᠡᠭᠲᠡᠢ ᠠᠵᠢᠯᠳᠠᠨ ᠤ ᠨᠣᠮ ᠤᠩᠰᠢᠵᠤ ᠬᠤᠪᠢᠶᠠᠯᠴᠠᠬᠤ ᠠᠵᠢᠯᠯᠠᠭ᠎ᠠ | ᠠᠮᠵᠢᠯᠲᠠ ᠲᠠᠢ ᠪᠤᠯᠵᠤ ᠦᠩᠭᠡᠷᠡᠯ᠎ᠡ᠃ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠬᠡᠴᠡ ᠠᠵᠤ ᠠᠬᠤᠶᠢᠯᠠᠯ ᠠᠴᠠ | ᠢᠷᠡᠭᠰᠡᠨ 11 ᠡᠮᠡᠭᠲᠡᠶ ᠠᠵᠢᠯᠲᠠᠨ ᠢᠶᠠᠷ ᠪᠦᠷᠢᠯᠳᠦᠭᠰᠡᠨ 8 ᠲᠥᠯᠥᠭᠡᠯᠡᠭᠴᠢᠳ ᠤᠨ ᠠᠩᠭᠢ ᠨᠢ ᠭᠤᠴᠤᠯᠠᠯ | ᠤᠩᠰᠢᠯᠭ᠎ᠠ ᠪᠤᠶᠤ ᠬᠠᠮᠳᠤ ᠶᠢᠨ ᠤᠩᠰᠢᠯᠭ᠎ᠠ ᠶᠢᠨ ᠬᠡᠯᠪᠡᠷᠢ ᠪᠠᠷ ︽ᠰᠢ ᠶᠢᠨ ᠫᠢᠩ ᠤᠨ ᠦᠯᠢᠭᠡᠷ — 30 ᠭᠠᠵᠠᠷ | ᠤᠨ ᠴᠠᠭᠠᠨ᠎ᠠ ᠠᠴᠠ ᠨᠤᠮ ᠵᠢᠭᠡᠯᠡᠭᠰᠡᠨ ᠨᠢ︾᠂ ︽ᠰᠡᠬᠡᠭᠡᠷᠡᠭᠰᠡᠨ ᠤᠨ ᠵᠢᠯ︾᠂ ︽ᠠᠷᠢᠭᠤᠨ ᠬᠠᠶᠢᠷ᠎ᠠ᠂ ᠳᠤᠮᠳᠠᠳᠤ | ᠤᠯᠤᠰ ᠤᠨ ᠢᠶᠠᠨ ᠲᠦᠯᠦᠭᠡ︾᠂ ︽ᠪᠢ ᠪᠣᠯ ᠨᠢᠭᠡ ᠮᠣᠩᠭᠤᠯ ᠮᠣᠷᠢ︾ ᠵᠡᠷᠭᠡ ᠤᠳᠬ᠎ᠠ ᠰᠠᠨᠠᠭ᠎ᠠ ᠨᠢ ᠭᠦᠨ᠂ | ᠠᠯᠤᠰ ᠬᠡᠲᠦ ᠶᠢᠨ ᠨᠥᠯᠥᠭᠡ ᠲᠠᠢ ᠥᠯᠢᠭᠡᠷ ᠤᠳ ᠢ ᠬᠤᠪᠢᠶᠠᠯᠴᠠᠭᠰᠠᠨ ᠪᠠᠶᠢᠨ᠎ᠠ᠃ | ᠡᠮᠡᠭᠳᠡᠢ ᠠᠵᠢᠯᠳᠠᠨ ᠯᠢ ᠶᠠᠨ ᠰᠢᠶᠠ᠄ ︽ᠨᠣᠮ ᠤᠩᠰᠢᠬᠤ ᠪᠣᠯ ᠨᠢᠭᠡ ᠵᠦᠢᠯ ᠤᠨ ᠰᠠᠶᠢᠨ ᠲᠠᠳᠬᠠᠯ᠂ ᠪᠢᠳᠡᠨ ᠢ | ᠬᠠᠪᠰᠤᠷᠴᠤ ᠪᠡᠶ᠎ᠡ ᠰᠡᠳᠭᠢᠯ ᠢ ᠲᠠᠶᠢᠪᠤᠰᠢᠷᠠᠭᠤᠯᠤᠨ᠂ ᠤᠶᠤᠨ ᠮᠡᠳᠡᠯᠭᠡ ᠶᠢ ᠨᠡᠮᠡᠭᠳᠡᠭᠦᠯᠤᠨ᠎ᠠ᠃ ᠡᠨᠡ ᠤᠳᠠᠭᠠᠨ ᠤ | ᠠᠵᠢᠯᠯᠠᠭ᠎ᠠ ᠨᠢ ᠪᠢᠳᠡᠨ ᠳᠤ ᠤᠯᠤᠯᠳᠠ ᠲᠦᠷᠦᠭᠳᠡᠯ ᠢᠶᠠᠨ ᠬᠤᠪᠢᠶᠠᠯᠴᠠᠵᠤ ᠰᠤᠯᠢᠯᠴᠠᠬᠤ ᠰᠠᠶᠢᠬᠠᠨ ᠲᠠᠪᠴᠠᠩ ᠢ | ᠬᠠᠩᠭᠠᠵᠠᠢ᠂ ᠪᠢᠳᠡᠨ ᠤ ᠨᠥᠯᠥᠭᠡ ᠪᠠᠷ ᠨᠣᠮ ᠤᠩᠰᠢᠬᠤ ᠰᠠᠶᠢᠬᠠᠨ ᠳᠠᠳᠬᠠᠯ ᠭᠡᠷ ᠪᠦᠯᠢ ᠨᠢᠬᠡᠪᠦᠷᠢ ᠳᠤ | ᠤᠯᠠᠮᠵᠢᠯᠠᠭᠳᠠᠵᠤ᠂ ᠨᠤᠮ ᠤᠨ ᠴᠠᠭᠠᠨ ᠪᠤᠶᠠᠨ ᠨᠡᠶᠢᠬᠡᠮ ᠨᠡᠶᠢᠳᠡ ᠳᠤ ᠲᠡᠯᠬᠡᠷᠡᠬᠦ ᠶᠢ ᠬᠦᠰᠡᠵᠦ ᠪᠠᠶᠢᠨ᠎ᠠ︾᠃ | ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠵᠣᠬᠢᠶᠠᠨ ᠪᠠᠶᠢᠭᠤᠯᠵᠤ ᠡᠷᠬᠢᠯᠡᠭᠰᠡᠨ ᠡᠨᠡ | ᠤᠳᠠᠭᠠᠨ ᠤ ᠨᠣᠮ ᠤᠩᠰᠢᠵᠤ ᠬᠤᠪᠢᠶᠠᠯᠴᠠᠬᠤ ᠠᠵᠢᠯᠯᠠᠭ᠎ᠠ ᠨᠢ ᠡᠮᠡᠭᠲᠡᠶ ᠠᠵᠢᠯᠲᠠᠨ ᠤ ᠦᠵᠡᠯ ᠰᠠᠨᠠᠭ᠎ᠠ ᠤᠯᠤᠰ | ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠪᠦᠬᠦ ᠬᠤᠰᠢᠭᠤᠨ ᠤ ᠺᠠᠳ᠋ᠷ ᠠᠵᠢᠯᠳᠠᠳ ᠢ ᠵᠢᠯᠤᠭᠤᠳᠤᠨ ᠨᠣᠮ | ᠤᠩᠰᠢᠬᠤ ᠳᠤᠷᠠᠲᠠᠶ ᠪᠤᠯᠭᠠᠵᠤ᠂ ᠬᠡᠷ ᠪᠦᠯᠢ ᠪᠠᠷ ᠢᠶᠠᠨ ᠨᠤᠮ ᠤᠩᠰᠢᠬᠤ ᠶᠢ ᠳᠠᠶᠢᠴᠢᠯᠠᠨ᠂ ᠪᠥᠬᠦ ᠨᠡᠶᠢᠭᠡᠮ ᠤᠨ | ᠨᠣᠮ ᠤᠩᠰᠢᠬᠤ ᠳᠤᠷᠠᠲᠠᠶ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠪᠠᠷ ᠵᠤᠷᠢᠯᠭ᠎ᠠ ᠪᠤᠯᠭᠠᠵᠠᠢ᠃ |