︽ᠱᠠᠰᠢᠨ ᠰᠤᠷᠲᠠᠬᠤᠨ ᠤ ᠭᠡᠷᠡᠭ ᠡᠷᠬᠢᠯᠡᠬᠦ ᠳᠦᠷᠢᠮ︾᠎ ᠤᠨ ᠭᠤᠣᠯ ᠠᠭᠤᠯᠭ᠎ᠠ ᠨᠢ ᠶᠠᠭᠤ ᠪᠤᠢ︖
ᠨᠡᠶᠢᠲᠡᠯᠡᠭᠰᠡᠨ ᠴᠠᠭ᠄
2024/8/22
   ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾᠎ ᠢ 2005 ᠣᠨ ᠤ 3 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠱᠠᠰᠢᠨ ᠰᠤᠷᠲᠠᠬᠤᠨ ᠤ ᠬᠡᠷᠡᠭ  ᠡᠷᠬᠢᠯᠡᠬᠦ ᠳᠦᠷᠢᠮ︾᠎ ᠢ 2018 ᠣᠨ ᠤ 2 ᠰᠠᠷ᠎ᠠ ᠶᠢᠨ 1᠎ ᠤ ᠡᠳᠦᠷ ᠠᠴᠠ ᠡᠬᠢᠯᠡᠨ ᠭᠡᠷᠡᠭᠵᠢᠬᠦᠯᠵᠡᠢ᠂ ᠨᠡᠶᠢᠲᠡ 9 ᠪᠦᠯᠦᠭ 77 ᠵᠤᠷᠪᠤᠰ ᠪᠠᠶᠢᠵᠤ᠂ ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠬᠤᠶᠠᠳᠤᠭᠠᠷ ᠪᠦᠯᠦᠭ ᠨᠢ ᠱᠠᠰᠢᠨ ᠰᠤᠷᠲᠠᠬᠤᠨ ᠤ ᠪᠦᠯᠬᠦᠮ᠂ ᠭᠤᠷᠪᠠᠳᠤᠭᠠᠷ ᠪᠦᠯᠦᠭ ᠨᠢ ᠰᠠᠰᠢᠨ ᠰᠤᠷᠲᠠᠬᠤᠨ ᠤ ᠰᠤᠷᠭᠠᠭᠤᠯᠢ᠂ ᠳᠥᠷᠪᠡᠳᠦᠭᠡᠷ ᠪᠦᠯᠦᠭ ᠨᠢ ᠰᠠᠰᠢᠨ ᠰᠤᠷᠲᠠᠬᠤᠨ ᠤ ᠠᠵᠢᠯᠯᠠᠭᠠᠨ ᠤ ᠭᠠᠵᠠᠷ᠂ ᠲᠠᠪᠤᠳᠤᠭᠠᠷ ᠪᠦᠯᠦᠭ ᠨᠢ ᠱᠠᠰᠢᠨ ᠰᠤᠷᠲᠠᠬᠤᠨ ᠤ ᠪᠠᠭᠰᠢ ᠠᠵᠢᠯᠲᠠᠨ᠂ ᠵᠢᠷᠭᠤᠳᠤᠭᠠᠷ ᠪᠦᠯᠦᠭ ᠨᠢ ᠱᠠᠰᠢᠨ ᠰᠤᠷᠲᠠᠬᠤᠨ ᠤ ᠠᠵᠢᠯᠯᠠᠭ᠎ᠠ᠂ ᠳᠣᠯᠣᠳᠤᠭᠠᠷ ᠪᠦᠯᠦᠭ ᠨᠢ ᠱᠠᠰᠢᠨ ᠰᠤᠷᠲᠠᠬᠤᠨ ᠤ ᠡᠳ᠋ ᠬᠥᠷᠥᠩᠭᠡ᠂ ᠨᠠᠢᠮᠠᠳᠤᠭᠠᠷ ᠪᠦᠯᠦᠭ ᠨᠢ ᠬᠠᠤᠯᠢ ᠶᠢᠨ ᠬᠠᠷᠢᠭᠤᠴᠠᠯᠭ᠎ᠠ᠂ ᠶᠢᠰᠦᠳᠦᠭᠡᠷ ᠪᠦᠯᠦᠭ  ᠎ ᠨᠢ ᠳᠠᠭᠠᠯᠳᠤᠭᠤᠯᠤᠭᠰᠠᠨ ᠳᠦᠷᠢᠮ ᠪᠠᠶᠢᠭ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠦᠷᠢᠮ︾᠎ ᠨᠢ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠠᠤᠯᠢᠵᠢᠭᠤᠯᠤᠨ ᠳᠦᠷᠢᠮᠵᠢᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠳᠤ ᠨᠡᠶᠢᠴᠡᠬᠦᠯᠬᠦ᠂ ᠬᠠᠤᠯᠢ ᠪᠤᠰᠤ ᠠᠵᠢᠯᠯᠠᠭ᠎ᠠ ᠶᠢ ᠬᠤᠷᠢᠭᠯᠠᠬᠤ᠂ ᠲᠦᠢᠯᠰᠢᠷᠠᠯ ᠪᠠ ᠨᠡᠪᠴᠢᠯᠲᠡ ᠶᠢ  ᠡᠰᠡᠷᠬᠦᠴᠡᠬᠦ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠠᠷᠴᠢᠮ ᠢ  ᠲᠤᠳᠤᠷᠬᠠᠶᠢᠯᠠᠭᠠᠳ᠂ ︽ᠵᠢᠯᠣᠭᠤᠳᠬᠤ︾ ᠣᠪᠣᠷ ᠢᠶᠠᠷ ᠱᠠᠰᠢᠨ ᠰᠤᠷᠲᠠᠬᠤᠨ ᠳᠤ ᠬᠠᠨᠳᠤᠬᠤ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠳᠠᠯᠠᠨ᠂ ᠱᠠᠰᠢᠨ ᠰᠤᠷᠲᠠᠬᠤᠨ ᠤ ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠱᠠᠰᠢᠨ ᠰᠤᠷᠲᠠᠬᠤᠨ ᠤ ᠡᠵᠡ ᠵᠤᠬᠢᠴᠠᠩᠭᠤᠢ ᠬᠠᠷᠢᠴᠠᠭ᠎ᠠ ᠶᠢ ᠠᠬᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠲᠦᠷᠢᠮᠵᠢᠬᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号