ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠯᠳᠠ ᠬᠢᠭᠰᠡᠨ
ᠨᠡᠶᠢᠲᠡᠯᠡᠭᠰᠡᠨ ᠴᠠᠭ᠄
2024/8/22
  8 ᠰᠠᠷ᠎ᠠ ᠶᠢᠨ 20 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠭᠡᠰᠢᠭᠦᠨ᠂ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠭᠠᠵᠠᠷ ᠤᠨ ᠳᠠᠷᠤᠭ᠎ᠠ ᠤᠣ ᠬᠤᠩ ᠴᠢᠤᠸᠠᠨ ᠤ ᠳᠠᠭᠠᠭᠤᠯᠤᠭᠰᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ︽ᠰᠢᠨᠵᠢᠯᠡᠭᠡ ᠮᠡᠷᠭᠡᠵᠢᠯ ᠤᠨ ︿ᠪᠦᠰᠡᠯᠡᠯᠲᠡ ᠰᠢᠪᠲᠤᠯᠬᠤ︾ ᠢᠨᠵᠧᠨᠧᠷᠢᠩ︾ ᠤᠨ ᠪᠠᠶᠢᠴᠠᠭᠠᠬᠤ ᠳᠤᠭᠤᠶᠢᠯᠠᠩ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ᠂ ᠳᠡᠳ᠋ ᠬᠤᠰᠢᠭᠤ ᠳᠠᠷᠤᠭ᠎ᠠ ᠯᠢ ᠵᠠᠨ ᠪᠦᠦ ᠵᠡᠷᠭᠡ ᠤᠳᠤᠷᠢᠳᠤᠯᠭ᠎ᠠ ᠶᠢᠨ ᠪᠠᠷ᠎ᠠ ᠪᠣᠯᠣᠯᠭ᠎ᠠ ᠲᠠᠢ ᠪᠠᠷ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠨᠵᠡᠬᠡᠶᠢᠷᠡᠵᠦ ᠪᠠᠶᠢᠴᠠᠭᠠᠨ ᠦᠵᠡᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢᠶᠠᠷ ᠲᠤᠭᠤᠷᠢᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠶᠢᠯᠪᠤᠷᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠤᠨᠤᠰᠤᠨ᠂  ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ᠂ ᠮᠡᠷᠭᠡᠵᠢᠯ ᠤᠨ ᠳᠠᠪᠠᠭᠤᠯᠢᠭ᠂ ᠦᠢᠯᠡᠳᠪᠦᠷᠢᠯᠡᠯ ᠤᠨ ᠶᠠᠪᠤᠴᠠ ᠵᠡᠷᠭᠡ ᠶᠢ ᠨᠠᠷᠢᠨ ᠤᠶᠢᠯᠠᠭᠠᠭᠰᠠᠨ ᠪᠠᠶᠢᠨ᠎ᠠ᠃ ᠪᠠᠶᠢᠴᠠᠭᠠᠨ ᠦᠵᠡᠭᠰᠡᠨ ᠤ ᠲᠠᠷᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠬᠤᠷᠠᠯ ᠢ  ᠡᠷᠬᠢᠯᠡᠨ᠂  ᠳᠡᠳ᠋ ᠬᠤᠰᠢᠭᠤ ᠳᠠᠷᠤᠭ᠎ᠠ ᠯᠢ ᠵᠠᠨ ᠪᠦᠦ ᠲᠠᠶᠢᠹᠤᠰᠧ ᠬᠤᠰᠢᠭᠤᠨ ᠤ ᠰᠢᠨᠵᠢᠯᠡᠭᠡ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠠᠵᠢᠯ ᠤᠨ ᠠᠬᠢᠴᠠ ᠪᠠ ᠣᠷᠣᠰᠢᠵᠤ ᠪᠠᠶᠢᠭ᠎ᠠ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠᠨ ᠲᠠᠨᠢᠯᠴᠠᠭᠤᠯᠪᠠ᠃ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠬᠤ ᠳᠠᠭᠠᠨ᠂ ᠠᠵᠤ ᠠᠬᠤᠶᠢᠯᠠᠯ ᠨᠢ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠰᠤᠳᠤᠯᠤᠨ ᠨᠡᠭᠡᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠰᠤᠷᠠᠯᠲᠠ ᠦᠭᠡᠢ ᠰᠢᠪᠲᠤᠯᠤᠯᠲᠠ ᠬᠢᠵᠦ ᠰᠢᠨ᠎ᠡ ᠶᠢ ᠡᠬᠦᠳᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠵᠤ᠂ ᠠᠵᠤ ᠦᠢᠯᠡᠰ ᠤᠨ  ᠤᠶᠤᠨᠴᠢᠯᠠᠬᠤ᠂ ᠳᠡᠭᠡᠳᠦ ᠲᠡᠰᠵᠢᠬᠦ᠂ ᠪᠣᠬᠢᠷᠲᠤᠯ ᠦᠬᠡᠶᠢᠵᠢᠬᠦ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠵᠡᠮᠳᠡᠵᠦ᠂ ᠬᠦᠭᠵᠢᠯᠳᠡ ᠶᠢᠨ ᠰᠠᠨᠠᠭᠠᠴᠢᠯᠠᠭᠠᠲᠤ ᠡᠷᠬᠡ ᠶᠢ ᠤᠯᠬᠤ ᠪᠠᠷ ᠴᠢᠷᠮᠠᠶᠢᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠳᠡᠢ ᠪᠠᠷ ᠠᠵᠤ ᠠᠬᠤᠶᠢᠯᠠᠯ ᠲᠤ ᠦᠢᠯᠡᠴᠢᠯᠡᠨ᠂ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂  ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠵᠥᠪᠯᠡᠯ᠂  ᠬᠤᠰᠢᠭᠤᠨ ᠤ ᠲᠠᠷᠢᠶᠠᠯᠠᠩ  ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ  ᠦᠵᠡᠬᠦ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号