ᠤᠶᠤᠳᠠᠨ ᠵᠠᠯᠠᠭᠤᠰ ᠬᠦᠳᠡᠭᠡ ᠪᠠᠭᠤᠵᠤ ᠤᠳᠬ᠎ᠠ ᠠᠭᠤᠯᠭ᠎ᠠ ᠲᠠᠢ ᠠᠵᠢᠯᠯᠠᠭ᠎ᠠ ᠳᠤ ᠤᠷᠤᠯᠴᠠᠪᠠ
ᠨᠡᠶᠢᠲᠡᠯᠡᠭᠰᠡᠨ ᠴᠠᠭ᠄
2024/8/22
  ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠣᠶᠤᠲᠠᠳ ᠢ ᠵᠢᠯᠤᠭᠤᠳᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠵᠠᠯᠠᠭᠤ ᠨᠠᠰᠤᠨ ᠤ ᠴᠤᠭ ᠵᠢᠪᠬᠤᠭ᠎ᠠ  ᠬᠦᠴᠦᠨ ᠴᠢᠳᠠᠯ ᠢ ᠨᠢ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶ᠎ᠠ ᠨᠢ ᠤᠶᠤᠳᠠᠨ ᠵᠠᠯᠠᠭᠤᠴᠤᠳ ᠢ ᠵᠣᠬᠢᠶᠠᠨ ᠪᠠᠶᠢᠭᠤᠯᠵᠤ ᠵᠣᠨ ᠤ ᠠᠮᠠᠷᠠᠯᠲᠠ ᠶᠢᠨ ᠬᠤᠭᠤᠴᠠᠭᠠᠨ ᠤ ︽ᠭᠤᠷᠪᠠ ᠶᠢ ᠬᠥᠳᠡᠭᠡ ᠬᠦᠷᠭᠡᠬᠦ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃  ᠡᠪᠯᠡᠯ ᠤᠨ ᠬᠤᠷᠢᠶ᠎ᠠ ᠨᠢ ᠤᠶᠤᠳᠠᠳ ᠢ ᠵᠤᠬᠢᠶᠠᠨ ᠪᠠᠶᠢᠭᠤᠯᠵᠤ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠤ ᠰᠣᠶᠣᠯ ᠤᠨ ᠬᠦᠷᠢᠶᠡᠯᠡᠩ  ᠢᠶᠠᠷ ᠲᠤᠭᠤᠷᠢᠭᠤᠯᠤᠨ᠂  ᠤᠷᠴᠢᠨ ᠦᠶ᠎ᠡ ᠪᠠ ᠤᠳᠤ ᠦᠶ᠎ᠡ ᠶᠢᠨ ᠲᠠᠶᠢᠹᠤᠰᠧ ᠬᠤᠰᠢᠭᠤᠨ ᠤ ᠲᠠᠷᠢᠶᠠᠯᠠᠬᠤ ᠵᠠᠩ ᠦᠢᠯᠡ ᠶᠢᠨ ᠬᠤᠪᠢᠷᠠᠯᠲᠠ ᠶᠢ ᠬᠠᠷᠠᠭᠤᠯᠵᠤ᠂  ᠵᠠᠯᠠᠭᠤᠴᠤᠳ ᠤᠨ ᠨᠤᠲᠤᠭ ᠤᠰᠤ ᠪᠠᠨ ᠬᠠᠶᠢᠷᠠᠯᠠᠨ ᠬᠠᠮᠠᠭᠠᠯᠠᠬᠤ᠂ ᠨᠤᠲᠤᠭ ᠤᠰᠤ ᠪᠠᠨ ᠪᠦᠳᠦᠭᠡᠨ ᠪᠠᠶᠢᠭᠤᠯᠬᠤ ᠬᠠᠶᠢᠷ᠎ᠠ ᠰᠡᠳᠬᠢᠯᠭᠡ ᠶᠢ ᠨᠡᠮᠡᠭᠳᠡᠬᠦᠯᠵᠡᠢ᠃ ᠳᠠᠷᠠᠭ᠎ᠠ ᠨᠢ᠂ ᠤᠶᠤᠳᠠᠳ ᠲᠠᠷᠢᠶᠠᠨ ᠭᠠᠵᠠᠷ ᠲᠤ ᠬᠦᠷᠴᠦ᠂ ᠲᠠᠷᠢᠮᠠᠯ ᠤᠨ ᠤᠷᠭᠤᠯᠲᠠ ᠶᠢ ᠤᠶᠢᠯᠠᠭᠠᠨ᠂ ᠲᠣᠰᠬᠤᠨ ᠤ ᠠᠷᠠᠳ ᠲᠠᠢ ᠬᠠᠮᠲᠤ ᠲᠠᠷᠢᠶᠠᠨ ᠠᠵᠢᠯ ᠳᠤ ᠤᠷᠤᠯᠴᠠᠭᠠᠳ᠂ ᠬᠥᠳᠡᠯᠮᠦᠷᠢᠴᠢᠨ ᠠᠷᠠᠳ ᠲᠦᠮᠡᠨ ᠤ ᠲᠠᠢ ᠤᠶᠢᠷᠠᠳᠴᠤ᠂ ᠡᠷᠴᠢ ᠵᠣᠷᠢᠭ ᠢᠶᠠᠨ ᠳᠠᠪᠲᠠᠨ ᠪᠤᠯᠪᠠᠰᠤᠷᠠᠭᠤᠯᠤᠭᠰᠠᠨ ᠪᠠᠶᠢᠨ᠎ᠠ᠃  ᠬᠦᠳᠡᠯᠮᠦᠷᠢᠯᠡᠬᠦ ᠶᠠᠪᠤᠴᠠ ᠳᠤ ᠤᠶᠤᠳᠠᠳ ᠪᠠᠰᠠ  ᠦᠪᠡᠷ ᠤᠨ ᠰᠤᠷᠤᠭᠰᠠᠨ ᠲᠤᠰᠬᠠᠶ ᠮᠡᠷᠭᠡᠵᠢᠯ ᠲᠠᠢ ᠪᠠᠨ ᠤᠶᠠᠯᠳᠤᠭᠤᠯᠵᠤ᠂ ᠲᠠᠷᠢᠶᠠᠯᠠᠩ ᠤᠨ ᠠᠷᠠᠴᠢᠯᠠᠭ᠎ᠠ ᠬᠠᠮᠢᠶᠠᠷᠤᠯᠳᠠ ᠶᠢᠨ ᠪᠠᠶᠢᠳᠠᠯ ᠢ ᠢᠳᠡᠪᠬᠢᠲᠡᠶ ᠪᠠᠷ ᠯᠠᠪᠯᠠᠨ ᠠᠰᠠᠭᠤᠵᠤ᠂  ᠤᠨᠤᠯ ᠢ ᠦᠢᠯᠡᠳᠦᠯᠭᠡ ᠲᠠᠢ ᠤᠶᠠᠯᠳᠤᠭᠤᠯᠤᠨ ᠮᠡᠳᠡᠯᠭᠡ ᠮᠡᠳᠡᠴᠡ ᠪᠠᠨ ᠪᠠᠬᠢᠵᠢᠭᠦᠯᠦᠨ ᠲᠡᠭᠡᠭᠰᠢᠬᠦᠯᠵᠡᠢ᠃    ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠶᠤᠳᠠᠨ ᠵᠤᠤ ᠶᠠᠨ᠄ ︽ᠡᠨᠡ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠳᠤ ᠤᠷᠤᠯᠴᠠᠭᠰᠠᠨ ᠨᠢ ᠮᠠᠰᠢ ᠠᠵᠠ ᠲᠠᠢ ᠰᠠᠨᠠᠭᠳᠠᠨ᠎ᠠ᠂  ᠨᠤᠲᠤᠭ ᠤᠰᠤᠨ ᠤ ᠪᠠᠨ ᠠᠵᠤ ᠠᠬᠤᠶ ᠰᠣᠶᠣᠯ ᠤᠨ ᠬᠦᠭᠵᠢᠯᠳᠡ ᠶᠢᠨ ᠪᠠᠶᠢᠳᠠᠯ ᠢ ᠬᠠᠷᠠᠵᠤ ᠤᠶᠢᠯᠠᠭᠠᠯ᠎ᠠ᠂ ᠣᠶᠤᠲᠠᠨ ᠪᠣᠯᠤᠭᠰᠠᠨ ᠤ ᠬᠤᠪᠢ ᠳᠤ ᠪᠢᠳᠡ ᠡᠷᠳᠡᠮ ᠴᠢᠳᠠᠯ ᠢᠶᠠᠨ ᠦᠷᠬᠦᠯᠵᠢᠯᠡᠨ ᠲᠡᠭᠡᠭᠰᠢᠯᠡᠬᠦᠯᠵᠦ᠂ ᠢᠷᠡᠭᠡᠳᠦᠶ ᠳᠤ ᠨᠤᠲᠤᠭ ᠤᠰᠤᠨ ᠤ ᠪᠠᠨ ᠪᠥᠲᠥᠭᠡᠨ ᠪᠠᠶᠢᠭᠤᠯᠤᠯᠲᠠ ᠳᠤ ᠭᠠᠪᠰᠢᠭᠠᠶᠢᠯᠠᠨ ᠣᠷᠣᠯᠴᠠᠵᠤ᠂ ᠨᠤᠲᠤᠭ  ᠤᠰᠤᠨ ᠤ ᠪᠠᠨ ᠴᠤᠭᠴᠠᠯᠠᠯᠳᠠ ᠬᠦᠭᠵᠢᠯᠳᠡ ᠳᠤ ᠬᠦᠴᠦᠨ ᠴᠢᠳᠠᠯ ᠢᠶᠠᠨ ᠡᠷᠬᠦᠨ᠎ᠡ︾  ᠃    ᠣᠶᠢᠷ᠎ᠠ ᠶᠢᠨ ᠵᠢᠯ ᠳᠤ᠂ ᠬᠤᠰᠢᠭᠤᠨ ᠤ ᠡᠪᠯᠡᠯ ᠤᠨ ᠬᠤᠷᠢᠶ᠎ᠠ ᠨᠢ ᠦᠢᠯᠡᠳᠦᠯᠭᠡ ᠪᠠᠷ ᠬᠦᠮᠦᠨ ᠢ ᠬᠦᠮᠦᠵᠢᠬᠦᠯᠬᠦ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠳᠣᠬᠠᠨ ᠤ ᠪᠠᠶᠢᠳᠠᠯ ᠳᠣᠤᠷᠠᠬᠢ ᠵᠠᠯᠠᠭᠤ ᠰᠤᠷᠤᠭᠴᠢᠳ ᠤᠨ  ᠬᠦᠰᠡᠯ ᠡᠷᠡᠮᠡᠯᠵᠡᠯ ᠢ ᠬᠦᠢᠴᠡᠳ ᠪᠤᠳᠤᠯᠬᠢᠯᠠᠨ᠂ ᠥᠷᠭᠡᠨ ᠣᠯᠠᠨ ᠤᠶᠤᠳᠠᠨ ᠵᠠᠯᠠᠭᠤᠴᠤᠳ ᠢ ᠬᠠᠪᠰᠤᠷᠤᠨ ᠵᠢᠯᠣᠭᠤᠳᠴᠤ ᠪᠠᠶᠢᠭᠠᠳ ᠪᠣᠳᠠᠲᠤ ᠪᠠᠶᠢᠳᠠᠯ ᠲᠠᠢ ᠤᠶᠠᠯᠳᠤᠭᠰᠠᠨ ︽ᠲᠤᠮᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠤᠨ ᠲᠤᠮᠳᠠ ᠠᠴᠠ ︽ᠰᠤᠷᠭᠠᠨ ᠬᠥᠮᠦᠵᠢᠯ ᠬᠦᠷᠳᠡᠬᠦ᠂ ᠡᠷᠳᠡᠮ ᠴᠢᠳᠠᠪᠤᠷᠢ ᠪᠠᠨ ᠲᠡᠭᠡᠭᠰᠢᠯᠡᠬᠦᠯᠬᠦ᠂ ᠬᠤᠪᠢ ᠨᠡᠮᠡᠷᠢ ᠦᠵᠡᠬᠦᠯᠬᠦ︾ ᠶᠢ ᠪᠡᠶᠡᠯᠡᠬᠦᠯᠵᠦ᠂ ᠵᠠᠯᠠᠭᠤᠴᠤᠳ ᠢ ᠵᠢᠯᠤᠭᠤᠳᠤᠨ ᠬᠦᠰᠡᠯᠡᠩ ᠢᠳᠡᠭᠡᠯ ᠪᠢᠰᠢᠷᠡᠯ ᠲᠠᠢ᠂ ᠵᠣᠷᠢᠭᠲᠠᠶ ᠪᠠᠷ ᠬᠠᠷᠢᠭᠤᠴᠠᠯᠭ᠎ᠠ ᠡᠬᠦᠷᠭᠡᠯᠡᠳᠡᠭ᠂ ᠬᠦᠴᠢᠷ ᠪᠡᠷᠬᠡᠰᠢᠶᠡᠯ ᠢ ᠠᠮᠰᠠᠵᠤ ᠲᠡᠶᠢᠯᠳᠡᠭ᠂ ᠴᠢᠷᠮᠠᠶᠢᠨ ᠲᠡᠮᠡᠴᠡᠬᠦ ᠰᠦᠰᠦ ᠵᠤᠷᠢᠭ ᠲᠠᠢ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠭᠠᠬᠤ ᠪᠠᠷ ᠴᠢᠷᠮᠠᠶᠢᠵᠤ ᠢᠷᠡᠵᠡᠢ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠡᠪᠯᠡᠯ ᠤᠨ ᠬᠤᠷᠢᠶ᠎ᠠ ᠨᠢ ᠬᠠᠮᠢᠶ᠎ᠠ ᠪᠦᠬᠦᠢ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠤᠶᠤᠳᠠᠨ ᠵᠠᠯᠠᠭᠤᠴᠤᠳ ᠲᠤ ᠦᠨᠳᠦᠰᠦᠨ ᠱᠠᠲᠤᠨ ᠤ ᠬᠤᠪᠢᠷᠠᠯᠳᠠ ᠶᠢ ᠤᠶᠢᠯᠠᠭᠠᠭᠤᠯᠤᠨ᠂ ᠨᠤᠲᠤᠭ ᠤᠰᠤᠨ ᠤ ᠪᠠᠨ ᠴᠤᠭᠴᠠᠯᠠᠯᠳᠠ ᠬᠥᠭᠵᠢᠯᠲᠡ ᠳᠤ ᠤᠯᠠᠮ ᠶᠡᠭᠡ ᠬᠦᠴᠦᠨ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号