ᠲᠠᠶᠢᠹᠤᠰᠧ ᠬᠤᠰᠢᠭᠤ ᠰᠢᠨ᠎ᠡ ᠪᠠᠷ ᠡᠯᠰᠡᠭᠰᠡᠨ ᠨᠠᠮ ᠤᠨ ᠭᠡᠰᠢᠬᠦᠳ ᠤᠨ ᠪᠣᠯᠪᠠᠰᠤᠷᠠᠯ ᠬᠥᠮᠦᠵᠢᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/8/23
  ᠲᠠᠶᠢᠹᠤᠰᠧ ᠬᠤᠰᠢᠭᠤᠨ ᠤ ᠬᠢᠨ ᠰᠢᠨ᠎ᠡ ᠪᠠᠷ ᠡᠯᠰᠡᠭᠰᠡᠨ ᠨᠠᠮ ᠤᠨ ᠭᠡᠰᠢᠬᠦᠳ ᠤᠨ ᠨᠠᠮᠴᠢ ᠴᠢᠨᠠᠷ ᠤᠨ ᠬᠥᠮᠦᠵᠢᠯ᠂ ᠣᠨᠣᠯ ᠤᠨ ᠰᠤᠷᠤᠯᠴᠠᠯᠭ᠎ᠠ ᠳᠤ ᠰᠠᠭᠤᠷᠢᠯᠠᠨ᠂  ᠪᠤᠯᠪᠠᠰᠤᠷᠠᠯ ᠬᠦᠮᠦᠵᠢᠯ ᠤᠨ ᠠᠵᠢᠯ ᠢ ᠢᠳᠡᠪᠬᠢᠲᠡᠢ ᠰᠠᠶᠢᠨ ᠬᠢᠵᠦ᠂  ᠰᠢᠨ᠎ᠡ ᠪᠠᠷ ᠡᠯᠰᠡᠭᠰᠡᠨ ᠨᠠᠮ ᠤᠨ ᠭᠡᠰᠢᠬᠦᠳ ᠤᠨ ᠴᠢᠨᠠᠷ ᠴᠢᠨᠰᠠᠭ᠎ᠠ ᠶᠢ ᠦᠨᠡᠨᠬᠦ ᠲᠡᠭᠡᠭᠰᠢᠯᠡᠬᠦᠯᠵᠦ ᠪᠤᠢ᠃  ᠨᠢᠬᠡ  ᠳᠤ ᠨᠠᠮᠴᠢ ᠴᠢᠨᠠᠷ ᠤᠨ ᠬᠦᠮᠦᠵᠢᠯ ᠢ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢ ᠪᠠᠳᠤᠳᠬᠠᠭᠰᠠᠨ᠃ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠠ ᠬᠤᠪᠢᠰᠬᠠᠯᠲᠤ ᠨᠠᠮᠴᠢ ᠴᠢᠨᠠᠷ ᠤᠨ ᠬᠥᠮᠦᠵᠢᠯ ᠢ ᠪᠠᠶᠢᠩᠭᠤ ᠶᠢᠨ ᠴᠢᠨᠠᠷᠲᠠᠶ ᠥᠷᠨᠢᠭᠦᠯᠵᠦ᠂ ᠰᠢᠨ᠎ᠡ ᠪᠠᠷ ᠡᠯᠰᠡᠭᠰᠡᠨ ᠨᠠᠮ ᠤᠨ ᠭᠡᠰᠢᠬᠦᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠳᠤ ᠣᠷᠣᠬᠤ ᠤᠭ ᠰᠠᠨᠠᠭ᠎ᠠ ᠶᠢ ᠨᠢ ᠤᠯᠠᠮ ᠲᠥᠪ ᠪᠤᠯᠭᠠᠨ᠂ ︽ᠦᠵᠡᠯ ᠰᠠᠨᠠᠭᠠᠨ ᠤ ᠲᠠᠯ᠎ᠠ ᠪᠠᠷ ᠵᠢᠪ ᠵᠢᠩᠬᠢᠨᠢ  ᠪᠠᠷ ᠨᠠᠮ ᠳᠤ ᠣᠷᠣᠬᠤ︾ ᠶᠢ  ᠪᠡᠶᠡᠯᠡᠬᠦᠯᠪᠡ᠃ ᠰᠢᠨ᠎ᠡ ᠪᠠᠷ ᠡᠯᠰᠡᠭᠰᠡᠨ ᠨᠠᠮ ᠤᠨ ᠭᠡᠰᠢᠬᠦᠳ ᠢ ᠵᠣᠬᠢᠶᠠᠨ ᠪᠠᠶᠢᠭᠤᠯᠵᠤ ᠨᠠᠮ ᠳᠤ ᠣᠷᠣᠬᠤ ᠲᠠᠩᠭᠠᠷᠢᠭ ᠬᠢᠯᠭᠡᠨ᠂ ᠲᠡᠳᠡᠨ ᠳᠤ ᠨᠠᠮ ᠤᠨ ᠭᠡᠰᠢᠭᠦᠨ ᠤ ᠰᠦᠯᠳᠡ ᠲᠡᠮᠳᠡᠭ   ᠢ ᠣᠯᠭᠤᠵᠤ᠂ ᠨᠠᠮ ᠤᠨ ᠭᠡᠰᠢᠭᠦᠨ ᠤ ᠦᠵᠡᠯ ᠤᠬᠠᠮᠰᠠᠷ ᠢ ᠨᠢ ᠤᠯᠠᠮ ᠴᠢᠩᠭᠠᠳᠬᠠᠨ᠂ ᠬᠦᠰᠡᠯᠡᠩ ᠢᠲᠡᠭᠡᠯ ᠵᠣᠷᠢᠭ ᠢ ᠨᠢ ᠪᠠᠳᠤᠳᠬᠠᠵᠤ᠂  ᠤᠮᠤᠭᠰᠢᠯᠳᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠨᠢ  ᠨᠡᠮᠡᠭᠳᠡᠬᠦᠯᠦᠭᠰᠡᠨ ᠪᠠᠶᠢᠨ᠎ᠠ᠃  ᠬᠤᠶᠠᠷ ᠲᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠲᠡᠭᠡᠭᠰᠢᠯᠡᠬᠦᠯᠦᠭᠰᠡᠨ᠃ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ ᠨᠠᠮ ᠤᠨ ᠭᠡᠰᠢᠭᠦᠨ ᠤ ᠬᠠᠮᠳᠤ ᠶᠢᠨ ᠰᠤᠷᠤᠯᠴᠠᠯᠭ᠎ᠠ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ ᠰᠢᠨ᠎ᠡ ᠪᠠᠷ ᠡᠯᠰᠡᠭᠰᠡᠨ ᠨᠠᠮ ᠤᠨ ᠭᠡᠰᠢᠬᠦᠳ ᠢ ᠵᠣᠬᠢᠶᠠᠨ ᠪᠠᠶᠢᠭᠤᠯᠵᠤ ᠤᠨᠤᠯ ᠤᠨ ᠰᠤᠷᠤᠯᠴᠠᠯᠭ᠎ᠠ ᠪᠤᠯᠪᠠᠰᠤᠷᠠᠯ ᠬᠢᠵᠦ  ᠲᠡᠳᠡᠨ ᠢ ᠵᠢᠯᠤᠭᠤᠳᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠳᠣᠲᠣᠭᠠᠳᠤ ᠶᠢᠨ ᠲᠦᠷᠢᠮ ᠲᠣᠭᠲᠠᠭᠠᠯ ᠢ ᠰᠤᠷᠤᠯᠴᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠰᠢᠨ᠎ᠡ ᠱᠠᠭᠠᠷᠳᠠᠯᠭ᠎ᠠ ᠪᠠᠷᠢᠮᠵᠢᠶ᠎ᠠ ᠶᠢ ᠪᠦᠬᠦ ᠲᠠᠯ᠎ᠠ ᠪᠠᠷ ᠤᠶᠢᠯᠠᠭᠠᠭᠤᠯᠤᠨ ᠡᠵᠡᠮᠰᠢᠬᠦᠯᠵᠡᠢ᠃ ᠰᠢᠯᠢᠳᠡᠭ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠢ ᠤᠷᠢᠵᠤ ᠰᠢᠨ᠎ᠡ ᠪᠠᠷ ᠡᠯᠰᠡᠭᠰᠡᠨ ᠨᠠᠮ ᠤᠨ ᠭᠡᠰᠢᠬᠦᠳ ᠲᠤ ᠨᠠᠮ ᠤᠨ ᠬᠢᠴᠢᠶᠡᠯ ᠤᠷᠤᠭᠤᠯᠤᠨ᠂ ᠠᠷᠭ᠎ᠠ ᠲᠤᠷᠰᠢᠯᠭ᠎ᠠ ᠪᠠᠨ ᠬᠠᠷᠢᠯᠴᠠᠨ ᠰᠣᠯᠢᠯᠴᠠᠬᠤ ᠲᠠᠪᠴᠠᠩ ᠢ ᠪᠠᠶᠢᠭᠤᠯᠵᠤ᠂ ᠰᠢᠨ᠎ᠡ  ᠪᠠᠷ ᠡᠯᠰᠡᠭᠰᠡᠨ ᠨᠠᠮ ᠤᠨ ᠭᠡᠰᠢᠬᠦᠳ ᠢ ᠰᠢᠯᠢᠳᠡᠭ ᠨᠠᠮ ᠤᠨ ᠭᠡᠰᠢᠬᠦᠳ ᠠᠴᠠ ᠰᠤᠷᠤᠯᠴᠠᠭᠤᠯᠤᠨ᠂  ᠠᠬᠠᠮᠠᠳ ᠨᠠᠮ  ᠤᠨ ᠭᠡᠰᠢᠬᠦᠳ ᠠᠴᠠ ᠰᠤᠷᠤᠯᠴᠠᠭᠤᠯᠵᠤ  ᠂  ᠲᠡᠳᠡᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠠᠯᠠᠭᠤᠨ ᠰᠡᠳᠬᠢᠯᠭᠡ ᠶᠢ ᠬᠦᠭᠵᠢᠭᠡᠭᠰᠡᠨ ᠪᠠᠶᠢᠨ᠎ᠠ᠃ ᠭᠤᠷᠪᠠ ᠳᠤ ᠮᠥᠷᠳᠡᠨ ᠬᠥᠮᠦᠵᠢᠭᠦᠯᠬᠦ ᠶᠢ ᠴᠢᠩᠭᠠᠳᠬᠠᠵᠤ᠂ ᠨᠠᠮ ᠳᠤ ᠣᠷᠣᠬᠤ ᠤᠭ ᠰᠠᠨᠠᠭ᠎ᠠ ᠶᠢ ᠴᠢᠩᠭᠠᠳᠬᠠᠭᠰᠠᠨ᠃ ᠰᠢᠨ᠎ᠡ ᠪᠠᠷ ᠡᠯᠰᠡᠭᠰᠡᠨ ᠨᠠᠮ ᠤᠨ ᠭᠡᠰᠢᠬᠦᠳ ᠢ ᠨᠠᠮ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠶᠢ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠦᠶ᠎ᠡ ᠳᠤ ᠬᠠᠷᠢᠭᠤᠴᠠᠯᠭ᠎ᠠ ᠡᠬᠦᠷᠭᠡᠯᠡᠨ᠂  ᠲᠦᠭᠰᠢᠭᠦᠷᠢ ᠲᠠᠢ ᠦᠶ᠎ᠡ ᠳᠤ ᠡᠮᠦᠨ᠎ᠡ ᠨᠢ ᠤᠷᠤᠭᠰᠢᠯᠠᠬᠤ ᠭᠡᠷᠡᠭᠳᠡᠢ ᠬᠡᠵᠦ ᠴᠢᠩᠭ᠎ᠠ ᠱᠠᠭᠠᠷᠳᠠᠪᠠ᠃ ᠨᠠᠮ ᠳᠤ ᠣᠷᠣᠬᠤ ᠶᠢ ᠲᠠᠨᠢᠯᠴᠠᠭᠤᠯᠤᠭᠰᠠᠨ ᠬᠦᠮᠦᠨ ᠪᠤᠯ ᠰᠢᠨ᠎ᠡ ᠪᠠᠷ ᠡᠯᠰᠡᠭᠰᠡᠨ ᠨᠠᠮ ᠤᠨ ᠭᠡᠰᠢᠭᠦᠨ ᠢ ᠮᠥᠷᠳᠡᠨ ᠬᠥᠮᠦᠵᠢᠭᠦᠯᠬᠦ ᠨᠢᠭᠡᠳᠦᠭᠡᠷ ᠬᠠᠷᠢᠭᠤᠴᠠᠯᠭᠠᠲᠠᠨ ᠭᠡᠳᠡᠭ ᠢ ᠲᠤᠳᠤᠷᠬᠠᠶᠢᠯᠠᠵᠤ᠂  ᠪᠡᠯᠡᠳᠬᠡᠯ ᠨᠠᠮ ᠤᠨ ᠭᠡᠰᠢᠭᠦᠨ ᠤ ᠦᠵᠡᠯ ᠰᠠᠨᠠᠭᠠᠨ ᠤ ᠪᠠᠶᠢᠳᠠᠯ ᠪᠠ ᠠᠵᠢᠯ ᠤᠨ ᠪᠠᠶᠢᠳᠠᠯ ᠢ ᠪᠠᠶᠢᠩᠭᠤ ᠶᠢᠨ ᠴᠢᠨᠠᠷᠲᠠᠶ ᠤᠶᠢᠯᠠᠭᠠᠨ ᠡᠵᠡᠮᠰᠢᠵᠦ᠂ ᠲᠡᠳᠡᠨ ᠤ ᠣᠯᠤᠭᠰᠠᠨ ᠠᠮᠵᠢᠯᠲᠠ ᠶᠢ ᠴᠠᠭ ᠲᠤᠬᠠᠶ ᠳᠤᠨᠢ ᠨᠤᠳᠠᠯᠠᠨ᠂ ᠣᠷᠣᠰᠢᠵᠤ ᠪᠠᠶᠢᠭ᠎ᠠ ᠳᠤᠲᠠᠭᠳᠠᠯ ᠢ ᠴᠠᠭ ᠲᠤᠬᠠᠶ ᠳᠤᠨᠢ ᠵᠢᠭᠠᠨ ᠭᠠᠷᠭᠠᠵᠤ᠂ ᠲᠡᠳᠡᠨ ᠢ ᠬᠠᠪᠰᠤᠷᠤᠨ ᠪᠥᠬᠦ ᠲᠠᠯ᠎ᠠ   ᠪᠠᠷ ᠲᠡᠭᠡᠭᠰᠢᠯᠡᠬᠦᠯᠬᠦ ᠶᠢ ᠪᠡᠶᠡᠯᠡᠬᠦᠯᠵᠡᠢ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号