ᠬᠡᠷᠡᠭᠯᠡᠭᠡ ᠪᠠᠷ ᠬᠠᠪᠰᠤᠷᠤᠨ ᠲᠡᠳᠬᠦᠬᠦ ᠠᠯᠬᠤᠮ ᠢᠶᠠᠨ ᠲᠦᠷᠭᠡᠳᠬᠡᠵᠦ᠂ ᠬᠤᠰᠢᠭᠤ ᠨᠤᠳᠤᠭ ᠤᠨ ᠢᠶᠠᠨ | ᠲᠠᠷᠢᠶᠠᠯᠠᠩ ᠤᠨ ᠪᠦᠳᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠪᠦᠬᠦ ᠲᠠᠯ᠎ᠠ ᠪᠠᠷ ᠥᠷᠭᠡᠳᠬᠡᠬᠦ ᠶᠢᠨ | ᠲᠥᠯᠥᠭᠡ᠂ ᠲᠠᠶᠢᠹᠤᠰᠧ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ ᠨᠢ 8 ᠰᠠᠷ᠎ᠠ ᠶᠢᠨ 17 ᠠᠴᠠ 18 ᠤ ᠡᠳᠦᠷ ᠪᠣᠯᠲᠠᠯ᠎ᠠ ᠪᠡᠭᠡᠵᠢᠩ ᠬᠤᠲᠠ ᠶᠢᠨ ᠴᠠᠩᠫᠢᠩ | ᠲᠣᠭᠤᠷᠢᠭ ᠲᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠤ ᠤᠬᠠᠭᠤᠯᠭ᠎ᠠ ᠲᠠᠨᠢᠯᠴᠠᠭᠤᠯᠭ᠎ᠠ ᠶᠢᠨ ᠲᠤᠰᠬᠠᠢ | ᠠᠵᠢᠯᠯᠠᠭ᠎ᠠ ᠡᠷᠬᠢᠯᠡᠵᠡᠢ᠃ ᠡᠨᠡ ᠤᠳᠠᠭᠠᠨ ᠤ ᠠᠵᠢᠯᠯᠠᠭ᠎ᠠ ᠳᠤ ᠲᠠᠯ᠎ᠠ ᠨᠤᠲᠤᠭ ᠬᠠᠷ᠎ᠠ ᠠᠷᠢᠬᠢ᠂ ᠶᠠᠮᠠ ᠶᠢᠨ | ᠦᠷ᠎ᠡ ᠶᠢᠨ ᠲᠣᠰᠣ᠂ ᠣᠷᠭᠠᠨᠢᠭ ᠨᠦᠢᠯ ᠪᠣᠭᠤᠳᠠᠶ᠂ ᠦᠬᠡᠷ ᠬᠤᠨᠢᠨ ᠮᠢᠬ᠎ᠠ᠂ ᠬᠠᠳᠠᠭᠠᠭᠰᠠᠨ ᠪᠣᠷᠴᠠ ᠵᠡᠷᠭᠡ 20 | ᠭᠠᠷᠤᠶ ᠲᠥᠷᠥᠯ ᠤᠨ 100 ᠭᠠᠷᠤᠶ ᠪᠦᠲᠦᠭᠡᠭᠳᠡᠬᠦᠨ ᠢ ᠰᠤᠩᠭᠤᠵᠤ᠂ ᠴᠠᠩᠫᠢᠩ ᠲᠣᠭᠤᠷᠢᠭ ᠤᠨ ᠬᠥᠮᠦᠨ | ᠠᠮᠠ ᠶᠢᠨ ᠨᠢᠭᠲᠠᠴᠠ ᠪᠠᠷ ᠶᠡᠭᠡ᠂ ᠬᠤᠳᠠᠯᠳᠤᠨ ᠠᠪᠬᠤ ᠴᠢᠳᠠᠪᠤᠷᠢ ᠪᠠᠷ ᠴᠢᠩᠭ᠎ᠠ ᠾᠦᠸᠧ ᠵᠢᠶᠠ ᠶᠢᠩ ᠨᠡᠶᠢᠭᠡᠮ | ᠲᠣᠭᠤᠷᠢᠭ᠂ ᠯᠢᠦ ᠰᠢᠩ ᠬᠤᠸᠠ ᠶᠤᠸᠠᠨ ᠨᠡᠶᠢᠭᠡᠮ ᠲᠣᠭᠤᠷᠢᠭ ᠲᠤ ᠲᠡᠯᠬᠡᠨ ᠪᠤᠷᠤᠯᠠᠭᠤᠯᠬᠤ ᠠᠵᠢᠯᠯᠠᠭ᠎ᠠ | ᠥᠷᠨᠢᠭᠦᠯᠪᠡ᠃ ᠠᠵᠢᠯᠯᠠᠭᠠᠨ ᠤ ᠬᠤᠭᠤᠴᠠᠭᠠᠨ ᠳᠤ ᠦᠨᠳᠦᠰᠦᠲᠡᠨ ᠤ ᠣᠨᠴᠠᠯᠢᠭ ᠲᠠᠢ ᠤᠷᠠᠨ ᠰᠠᠶᠢᠬᠠᠨ ᠤ | ᠲᠣᠭᠯᠠᠯᠲᠠ ᠭᠠᠷᠭᠠᠵᠤ᠂ ᠮᠠᠰᠢ ᠣᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠣᠶᠢᠷ᠎ᠠ ᠬᠠᠪᠢ ᠶᠢᠨ | ᠣᠯᠠᠨ ᠲᠦᠮᠡᠨ ᠤ ᠰᠤᠨᠢᠷᠬᠠᠯ ᠢ ᠲᠠᠳᠠᠭᠰᠠᠨ ᠪᠦᠭᠡᠳ ᠲᠠᠶᠢᠹᠤᠰᠧ ᠬᠤᠰᠢᠭᠤᠨ ᠤ ᠰᠤᠶᠤᠯ ᠢᠷᠭᠡᠨᠰᠢᠯ ᠵᠠᠩ ᠦᠢᠯᠡ | ᠶᠢᠨ ᠬᠠᠮᠢᠶᠠᠳᠠᠢ ᠮᠡᠳᠡᠯᠭᠡ ᠶᠢᠨ ᠠᠰᠠᠭᠤᠯᠲᠠ ᠬᠠᠷᠢᠭᠤᠯᠳᠠ ᠵᠡᠷᠭᠡ ᠲᠤᠭᠯᠠᠭᠠᠮ ᠢ ᠬᠦᠷ ᠬᠦᠭᠵᠢᠶᠡᠨ ᠲᠠᠢ | ᠶᠠᠪᠤᠭᠳᠠᠭᠤᠯᠤᠭᠰᠠᠨ ᠪᠠᠶᠢᠨ᠎ᠠ᠃ ᠠᠬᠤᠢ ᠲᠠᠯᠠᠪᠠᠶ ᠳᠤ ︽ᠤᠷᠢᠳᠠᠪᠠᠷ ᠠᠮᠰᠠᠨ ᠦᠵᠡᠵᠦ᠂ ᠳᠠᠷᠠᠭ᠎ᠠ ᠨᠢ ᠬᠤᠳᠠᠯᠳᠤᠨ | ᠠᠪᠬᠤ︾ ᠠᠷᠭ᠎ᠠ ᠪᠠᠷ 3 ᠲᠦᠮᠡ ᠭᠠᠷᠤᠢ ᠲᠥᠭᠦᠷᠢᠭ ᠤᠨ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠨ | ᠪᠤᠷᠤᠯᠠᠭᠤᠯᠤᠭᠰᠠᠨ ᠤ ᠬᠠᠮᠳᠤ ᠭᠠᠷ ᠤᠭᠤᠲᠠ᠂ ᠨᠤᠮ ᠲᠡᠪᠳᠡᠷ ᠮᠡᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠢ | ᠨᠡᠶᠢᠲᠡ 500 ᠭᠠᠷᠤᠢ ᠬᠤᠪᠢ ᠲᠠᠷᠬᠠᠭᠠᠵᠠᠢ᠃ ᠡᠨᠡ ᠤᠳᠠᠭᠠᠨ ᠤ ᠠᠵᠢᠯᠯᠠᠭ᠎ᠠ ᠨᠢ ᠲᠠᠶᠢᠹᠤᠰᠧ ᠬᠤᠰᠢᠭᠤᠨ ᠤ | ᠲᠠᠷᠢᠶᠠᠯᠠᠩ ᠤᠨ ᠣᠨᠴᠠ ᠭᠠᠷᠤᠯᠳᠠ ᠶᠢᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠦᠷᠢᠰᠦᠯᠳᠦᠬᠡᠨ ᠤ | ᠴᠢᠳᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠶᠢᠹᠤᠰᠧ ᠬᠤᠰᠢᠭᠤᠨ ᠤ ᠪᠠᠨ ᠰᠢᠯᠢᠳᠡᠭ ᠰᠠᠶᠢᠨ ᠪᠦᠲᠦᠭᠡᠭᠳᠡᠬᠦᠨ ᠢ | ᠵᠢᠩᠬᠢᠨᠢ ᠨᠠᠷᠠᠲᠤ ᠪᠦᠳᠦᠭᠡᠭᠳᠡᠬᠦᠨ ᠪᠣᠯᠭᠠᠵᠤ᠂ ᠪᠡᠭᠡᠵᠢᠩ ᠬᠤᠲᠠ ᠶᠢᠨ ᠠᠷᠠᠳ ᠲᠦᠮᠡᠨ ᠳᠤ ᠠᠰᠢᠭ ᠬᠦᠷᠳᠡᠭᠡᠭᠰᠡᠨ | ᠢᠶᠠᠷ ᠪᠠᠷᠠᠬᠤ ᠥᠬᠡᠶ᠂ ᠬᠤᠰᠢᠭᠤ ᠨᠤᠳᠤᠭ ᠤᠨ ᠢᠶᠠᠨ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠳᠤ ᠦᠨᠡᠨ | ᠪᠣᠳᠠᠲᠠᠶ ᠠᠰᠢᠭ ᠬᠦᠷᠲᠡᠭᠡᠵᠦ᠂ ᠭᠡᠷᠡᠭᠯᠡᠭᠡ ᠪᠠᠷ ᠬᠠᠪᠰᠤᠷᠤᠨ ᠲᠡᠳᠬᠦᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ |