︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠲᠡᠯᠡᠬᠡᠢ ᠶᠢᠨ ᠰᠢᠳᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/23
   2024 ᠣᠨ ᠤ ᠲᠠᠶᠢᠹᠤᠰᠧ ᠬᠤᠰᠢᠭᠤᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾  ᠲᠡᠯᠡᠬᠡᠢ ᠶᠢᠨ ᠰᠢᠳᠠᠷ᠎ᠠ ᠶᠢᠨ ᠤᠷᠤᠯᠳᠤᠭᠠᠨ 8 ᠰᠠᠷ᠎ᠠ ᠶᠢᠨ 22 ᠤᠨ ᠡᠳᠦᠷ ᠠᠮᠵᠢᠯᠳᠠ ᠲᠠᠢ  ᠦᠨᠳᠦᠷᠯᠡᠯ᠎ᠡ᠃ 3 ᠡᠳᠦᠷ ᠤᠨ ᠤᠷᠤᠯᠳᠤᠭᠠᠨ ᠳᠤ ᠪᠥᠬᠦ ᠣᠷᠣᠨ ᠤ 7 ᠠᠶᠢᠮᠠᠭ ᠬᠤᠲᠠ ᠠᠴᠠ ᠢᠷᠡᠭᠰᠡᠨ 70 ᠭᠠᠷᠤᠶ ᠰᠢᠳᠠᠷᠴᠢᠨ ᠤᠷᠤᠯᠴᠠᠭᠠᠳ᠂ ᠤᠷ᠎ᠠ ᠮᠡᠷᠭᠡᠵᠢᠯ ᠢᠶᠠᠨ ᠰᠤᠯᠢᠯᠴᠠᠵᠤ᠂  ᠣᠶᠤᠨ ᠤᠬᠠᠭᠠᠨ  ᠢᠶᠠᠨ ᠮᠦᠷᠦᠶᠢᠴᠡᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠤᠷᠤᠯᠳᠤᠭᠠᠨ ᠳᠤ ᠤᠷᠤᠯᠴᠠᠭᠰᠠᠨ ᠰᠢᠳᠠᠷᠴᠢᠳ ᠤᠨ ᠬᠠᠮᠤᠭ ᠤᠨ ᠶᠡᠭᠡ ᠨᠢ 59 ᠨᠠᠰᠤᠳᠠᠢ᠂ ᠬᠠᠮᠤᠭ ᠤᠨ ᠪᠠᠭ᠎ᠠ ᠨᠢ 7 ᠨᠠᠰᠤᠲᠠᠢ ᠪᠠᠶᠢᠪᠠ᠃      ︽ᠪᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠠᠴᠠ ᠢᠷᠡᠵᠡᠢ᠂ ᠡᠨᠡ ᠤᠳᠠᠭᠠᠨ ᠤ ᠤᠷᠤᠯᠳᠤᠭᠠᠨ ᠳᠤ ᠤᠷᠤᠯᠴᠠᠭᠠᠳ ᠮᠠᠰᠢ ᠣᠯᠠᠨ ᠪᠠᠭᠰᠢ ᠨᠠᠷ ᠪᠠ ᠨᠠᠶᠢᠵᠠ ᠨᠦᠬᠦᠳ ᠲᠠᠢ ᠲᠠᠨᠢᠯᠴᠠᠭᠰᠠᠨ᠂ ᠲᠡᠳᠡᠨ ᠲᠠᠢ ᠮᠡᠷᠭᠡᠵᠢᠯ ᠢᠶᠠᠨ ᠰᠤᠯᠢᠯᠴᠠᠬᠤ ᠪᠠᠷ ᠲᠠᠮᠵᠢᠭᠠᠳ ᠥᠪᠡᠷ ᠤᠨ ᠬᠢᠷᠢ ᠲᠦᠪᠰᠢᠨ ᠢᠶᠠᠨ ᠤᠯᠠᠮ ᠲᠡᠭᠡᠭᠰᠢᠯᠡᠬᠦᠯᠦᠶ᠎ᠡ ᠬᠡᠵᠦ ᠢᠷᠡᠵᠡᠢ᠂ ᠬᠤᠶᠢᠰᠢᠳᠠ ᠡᠶᠢᠮᠦᠷᠬᠦ ᠲᠣᠮᠣ ᠬᠡᠯᠪᠡᠷᠢ ᠶᠢᠨ ᠤᠷᠤᠯᠳᠤᠭᠠᠨ ᠳᠤ ᠢᠯᠡᠭᠦᠬᠡᠨ ᠣᠷᠣᠯᠴᠠᠬᠤ ᠶᠢ ᠬᠦᠰᠡᠵᠦ ᠪᠠᠶᠢᠨ᠎ᠠ︾ ᠬᠡᠵᠦ 12 ᠨᠠᠰᠤᠲᠠᠶ ᠤᠷᠠᠯᠢᠭ ᠦᠭᠢᠨ ᠤᠯᠤᠯᠳᠠ ᠲᠦᠷᠦᠭᠳᠡᠯ ᠢᠶᠠᠨ ᠬᠤᠪᠢᠶᠠᠯᠴᠠᠯ᠎ᠠ᠃      ᠥᠪᠥᠷ ᠮᠣᠩᠭᠤᠯ ᠤᠨ ᠲᠡᠯᠡᠬᠡᠢ ᠶᠢᠨ ᠰᠢᠳᠠᠷ᠎ᠠ ᠶᠢᠨ ᠨᠡᠶᠢᠬᠡᠮᠯᠢᠭ ᠤᠨ ᠳᠠᠷᠤᠭ᠎ᠠ ᠬᠠᠢ ᠢᠩ᠄ ︽ᠡᠨᠡ ᠤᠳᠠᠭᠠᠨ ᠤ ᠢᠯᠡ ᠤᠷᠤᠯᠳᠤᠭᠠᠨ ᠪᠤᠯ ᠮᠠᠨ ᠤ ᠥᠪᠥᠷ ᠮᠣᠩᠭᠤᠯ ᠤᠨ ᠲᠡᠯᠡᠬᠡᠢ ᠶᠢᠨ ᠰᠢᠳᠠᠷ᠎ᠠ ᠶᠢᠨ ᠨᠡᠶᠢᠬᠡᠮᠢᠯᠭ ᠤᠨ ᠲᠤᠰ  ᠰᠢᠷᠢᠰ ᠤᠷᠤᠯᠳᠤᠭᠠᠨ ᠤ ᠨᠢᠭᠡ ᠥᠷᠲᠡᠭᠡ ᠪᠣᠯᠤᠨ᠎ᠠ᠂ ᠡᠨᠡ ᠤᠳᠠᠭᠠᠨ ᠤ ᠤᠷᠤᠯᠳᠤᠭᠠᠨ ᠤ ᠥᠩᠭᠡᠷᠡᠭᠡᠭᠰᠡᠨ ᠤ ᠬᠢ ᠠᠴᠠ ᠠᠳᠠᠯᠢ ᠦᠭᠡᠢ ᠲᠠᠯ᠎ᠠ ᠬᠡᠪᠡᠯ᠂  ᠲᠡᠷᠢᠬᠦᠨ ᠨᠡᠷ᠎ᠡ ᠳᠤ 10000 ᠲᠥᠭᠦᠷᠢᠭ ᠤᠨ ᠲᠤᠮᠤ ᠱᠠᠩᠨᠠᠯ   ᠢ ᠤᠯᠭᠤᠭᠰᠠᠨ  ᠂ ᠪᠠᠰᠠ ᠨᠠᠰᠤ ᠵᠢᠯ ᠢᠶᠠᠷ ᠲᠤᠭᠤᠶᠢᠯᠠᠩ ᠬᠤᠪᠢᠶᠠᠵᠤ ᠤᠷᠤᠯᠳᠤᠭᠤᠯᠤᠭᠰᠠᠨ᠂ ᠵᠢᠱᠢᠶᠡᠯᠡᠪᠡᠯ  ᠬᠡᠦᠬᠡᠳ ᠤᠳ ᠢ ᠲᠤᠳᠤᠷ᠎ᠠ ᠨᠢ 16 ᠨᠠᠰᠤ᠂ 12 ᠨᠠᠰᠤ᠂ 10  ᠨᠠᠰᠤ᠂ 8 ᠨᠠᠰᠤ ᠬᠡᠵᠦ ᠬᠤᠪᠢᠶᠠᠭᠰᠠᠨ ᠪᠠᠶᠢᠨ᠎ᠠ︾᠃     ᠡᠨᠡ ᠤᠳᠠᠭᠠᠨ ᠤ ᠢᠯᠡ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠨᠡᠶᠢᠭᠡᠮᠯᠢᠭ ᠠᠴᠠ ᠳᠡᠮᠵᠢᠯᠭᠡ ᠦᠵᠡᠬᠦᠯᠵᠦ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠲᠡᠯᠡᠬᠡᠢ ᠶᠢᠨ ᠰᠢᠲᠠᠷ᠎ᠠ ᠶᠢᠨ ᠨᠡᠶᠢᠭᠡᠮᠯᠢᠭ᠂ ᠲᠠᠶᠢᠹᠤᠰᠧ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠵᠢᠩ ᠴᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠸᠧ ᠪᠥᠸᠧ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠠᠴᠠ ᠬᠠᠮᠵᠢᠯᠴᠠᠨ ᠡᠷᠬᠢᠯᠡᠵᠡᠢ᠃  9 ᠡᠭᠡᠯᠵᠢ ᠶᠢᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠲᠠᠮᠵᠢᠭᠠᠳ᠂ ᠡᠯ᠎ᠡ ᠳᠤᠭᠤᠶᠢᠯᠠᠩ ᠠᠴᠠ ᠰᠢᠯᠢᠳᠡᠭ ᠰᠢᠳᠠᠷᠴᠢᠨ ᠢ ᠰᠢᠯᠭᠠᠷᠠᠭᠤᠯᠵᠤ᠂ ᠵᠣᠬᠢᠶᠠᠨ ᠪᠠᠶᠢᠭᠤᠯᠬᠤ ᠺᠣᠮᠢᠰ ᠠᠴᠠ ᠱᠠᠩᠨᠠᠯ ᠦᠨᠡᠮᠯᠡᠯ ᠣᠯᠭᠤᠪᠠ᠃  ᠡᠨᠡ ᠤᠳᠠᠭᠠᠨ ᠤ ᠤᠷᠤᠯᠳᠤᠭᠠᠨ ᠨᠢ ᠰᠢᠲᠠᠷ᠎ᠠ ᠶᠢᠨ ᠪᠠᠭ᠋ᠠᠳᠠᠳ ᠲᠤ ᠮᠡᠷᠭᠡᠵᠢᠯ ᠢᠶᠠᠨ ᠰᠤᠯᠢᠯᠴᠠᠵᠤ ᠴᠢᠳᠠᠪᠤᠷᠢ ᠪᠠᠨ ᠦᠵᠡᠭᠦᠯᠬᠦ ᠲᠠᠪᠴᠠᠩ ᠢ ᠬᠠᠩᠭᠠᠵᠤ᠂ ᠨᠠᠩ ᠣᠯᠠᠨ ᠬᠥᠮᠦᠰ ᠢ ᠳᠠᠶᠢᠴᠢᠯᠠᠨ ᠲᠡᠯᠡᠬᠡᠢ ᠶᠢᠨ ᠰᠢᠲᠠᠷ᠎ᠠ ᠳᠤ ᠤᠷᠤᠯᠴᠠᠭᠤᠯᠤᠭᠠᠳ᠂  ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠬᠦᠭᠵᠢᠬᠡᠵᠦ᠂ ᠪᠥᠬᠦ ᠠᠷᠠᠳ ᠢᠶᠠᠷ ᠴᠢᠬᠢᠷᠠᠭᠵᠢᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠠᠬᠢᠭᠤᠯᠭ᠎ᠠ ᠶᠢᠨ ᠦᠢᠯᠡᠳᠦᠯ ᠭᠠᠷᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号