ᠲᠠᠶᠢᠹᠤᠰᠧ ᠬᠤᠰᠢᠭᠤᠨ ᠤ ᠬᠢᠨ ᠪᠡᠭᠡᠵᠢᠩ ᠬᠤᠳᠠ ᠳᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠤᠬᠠᠭᠤᠯᠤᠯ᠎ᠠ
ᠨᠡᠶᠢᠲᠡᠯᠡᠭᠰᠡᠨ ᠴᠠᠭ᠄
2024/8/23
   8 ᠰᠠᠷ᠎ᠠ ᠶᠢᠨ 17 ᠠᠴᠠ 18 ᠤ ᠡᠳᠦᠷ ᠪᠣᠯᠲᠠᠯ᠎ᠠ ᠲᠠᠶᠢᠹᠤᠰᠧ ᠬᠤᠰᠢᠭᠤᠨ ᠤ ᠬᠢᠨ ᠪᠡᠭᠡᠵᠢᠩ ᠬᠤᠲᠠ ᠶᠢᠨ ᠴᠠᠩᠫᠢᠩ ᠲᠣᠭᠤᠷᠢᠭ ᠲᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠤ ᠤᠬᠠᠭᠤᠯᠭ᠎ᠠ ᠲᠠᠨᠢᠯᠴᠠᠭᠤᠯᠭ᠎ᠠ ᠶᠢᠨ ᠲᠤᠰᠬᠠᠢ ᠠᠵᠢᠯᠯᠠᠭ᠎ᠠ ᠡᠷᠬᠢᠯᠡᠵᠡᠢ᠃  ᠡᠨᠡ ᠤᠳᠠᠭᠠᠨ ᠤ ᠠᠵᠢᠯᠯᠠᠭ᠎ᠠ ᠳᠤ ᠲᠠᠯ᠎ᠠ ᠨᠤᠲᠤᠭ  ᠬᠠᠷ᠎ᠠ ᠠᠷᠢᠬᠢ᠂  ᠶᠠᠮᠠ ᠶᠢᠨ ᠦᠷ᠎ᠡ ᠶᠢᠨ ᠲᠣᠰᠣ᠂ ᠣᠷᠭᠠᠨᠢᠭ ᠨᠦᠢᠯ ᠪᠣᠭᠤᠳᠠᠶ᠂ ᠦᠬᠡᠷ ᠬᠤᠨᠢᠨ ᠮᠢᠬ᠎ᠠ᠂  ᠬᠠᠳᠠᠭᠠᠭᠰᠠᠨ ᠪᠣᠷᠴᠠ ᠵᠡᠷᠭᠡ 20 ᠭᠠᠷᠤᠶ ᠲᠥᠷᠥᠯ ᠤᠨ 100 ᠭᠠᠷᠤᠶ ᠪᠦᠲᠦᠭᠡᠭᠳᠡᠬᠦᠨ ᠢ ᠰᠤᠩᠭᠤᠵᠤ᠂ ᠴᠠᠩᠫᠢᠩ ᠲᠣᠭᠤᠷᠢᠭ ᠤᠨ ᠬᠥᠮᠦᠨ ᠠᠮᠠ ᠶᠢᠨ ᠨᠢᠭᠲᠠᠴᠠ ᠪᠠᠷ ᠶᠡᠭᠡ᠂ ᠬᠤᠳᠠᠯᠳᠤᠨ ᠠᠪᠬᠤ ᠴᠢᠳᠠᠪᠤᠷᠢ ᠪᠠᠷ ᠴᠢᠩᠭ᠎ᠠ ᠾᠦᠸᠧ ᠵᠢᠶᠠ ᠶᠢᠩ ᠨᠡᠶᠢᠭᠡᠮ ᠲᠣᠭᠤᠷᠢᠭ᠂ ᠯᠢᠦ ᠰᠢᠩ ᠬᠤᠸᠠ ᠶᠤᠸᠠᠨ ᠨᠡᠶᠢᠭᠡᠮ ᠲᠣᠭᠤᠷᠢᠭ ᠲᠤ ᠲᠡᠯᠬᠡᠨ ᠪᠤᠷᠤᠯᠠᠭᠤᠯᠬᠤ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠬᠤᠭᠤᠴᠠᠭᠠᠨ ᠳᠤ ᠦᠨᠳᠦᠰᠦᠲᠡᠨ ᠤ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠮᠠᠰᠢ ᠣᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠣᠶᠢᠷ᠎ᠠ ᠬᠠᠪᠢ ᠶᠢᠨ ᠣᠯᠠᠨ ᠲᠦᠮᠡᠨ ᠤ ᠰᠤᠨᠢᠷᠬᠠᠯ ᠢ ᠲᠠᠳᠠᠭᠰᠠᠨ ᠪᠦᠭᠡᠳ ᠲᠠᠶᠢᠹᠤᠰᠧ ᠬᠤᠰᠢᠭᠤᠨ ᠤ ᠰᠤᠶᠤᠯ ᠢᠷᠭᠡᠨᠰᠢᠯ ᠵᠠᠩ ᠦᠢᠯᠡ ᠶᠢᠨ ᠬᠠᠮᠢᠶᠠᠳᠠᠢ  ᠮᠡᠳᠡᠯᠭᠡ ᠶᠢᠨ ᠠᠰᠠᠭᠤᠯᠲᠠ ᠬᠠᠷᠢᠭᠤᠯᠳᠠ ᠵᠡᠷᠭᠡ ᠲᠤᠭᠯᠠᠭᠠᠮ ᠢ ᠬᠦᠷ ᠬᠦᠭᠵᠢᠶᠡᠨ ᠲᠠᠢ ᠶᠠᠪᠤᠭᠳᠠᠭᠤᠯᠤᠭᠰᠠᠨ ᠪᠠᠶᠢᠨ᠎ᠠ᠃ ᠠᠬᠤᠢ ᠲᠠᠯᠠᠪᠠᠶ ᠳᠤ ︽ᠤᠷᠢᠳᠠᠪᠠᠷ ᠠᠮᠰᠠᠨ ᠦᠵᠡᠵᠦ᠂ ᠳᠠᠷᠠᠭ᠎ᠠ ᠨᠢ ᠬᠤᠳᠠᠯᠳᠤᠨ ᠠᠪᠬᠤ︾ ᠠᠷᠭ᠎ᠠ ᠪᠠᠷ 3 ᠲᠦᠮᠡ ᠭᠠᠷᠤᠢ ᠲᠥᠭᠦᠷᠢᠭ ᠤᠨ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠨ ᠪᠤᠷᠤᠯᠠᠭᠤᠯᠤᠭᠰᠠᠨ ᠤ ᠬᠠᠮᠳᠤ ᠭᠠᠷ ᠤᠭᠤᠲᠠ᠂ ᠨᠤᠮ ᠲᠡᠪᠳᠡᠷ ᠮᠡᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 500 ᠭᠠᠷᠤᠢ ᠬᠤᠪᠢ ᠲᠠᠷᠬᠠᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号