ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/23
  8 ᠰᠠᠷ᠎ᠠ ᠶᠢᠨ 21 ᠤ ᠡᠳᠦᠷ᠂ ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂  ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ ᠪᠠ ᠠᠵᠢᠯᠳᠠᠳ᠂  ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 106 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠥᠷᠲᠡᠭᠡ ᠳᠤ ᠰᠠᠭᠤᠵᠤ ᠵᠢᠭᠠᠨ ᠵᠢᠯᠤᠭᠤᠳᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠪᠠᠶᠢᠷᠢᠯᠠᠭᠤᠯᠤᠯᠳᠠ ᠬᠢᠵᠡᠢ᠃  ᠨᠠᠮ ᠤᠨ ᠬᠤᠷᠢᠶᠠᠨ ᠤ ᠱᠦᠵᠢ ᠰᠦᠩ ᠹᠧᠩ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠬᠤᠯᠠ ᠴᠢᠨᠠᠷ ᠢ ᠲᠣᠳᠣᠷᠬᠠᠢ ᠪᠥᠭᠡᠳ ᠰᠡᠷᠭᠡᠭ ᠢᠶᠠᠷ ᠲᠠᠨᠢᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠡᠷᠴᠢ ᠬᠦᠴᠦᠲᠡᠢ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃   ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠨ ᠬᠢᠵᠦ᠂ ᠥᠪᠡᠷᠲᠡᠭᠡᠨ ᠵᠠᠰᠠᠬᠤ ᠣᠷᠣᠨ ᠤ ᠥᠷᠲᠡᠭᠡᠨ ᠳᠤ ᠰᠠᠭᠤᠭ᠎ᠠ ᠵᠢᠯᠣᠭᠤᠳᠬᠤ ᠳᠤᠭᠤᠶᠢᠯᠠᠩ ᠪᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠵᠢᠭᠠᠵᠤ ᠭᠠᠷᠭᠠᠭᠰᠠᠨ ᠠᠰᠠᠭᠤᠳᠠᠯ ᠳᠤ  ᠴᠢᠭᠯᠡᠬᠦᠯᠵᠦ ᠨᠠᠷᠢᠨ ᠲᠣᠳᠣᠷᠬᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠲᠦᠰᠦᠪ ᠢ ᠲᠤᠭᠳᠠᠭᠠᠨ᠂ ᠡᠬᠦᠷᠭᠡ ᠬᠠᠷᠢᠭᠤᠴᠠᠯᠭ᠎ᠠ ᠪᠠ ᠴᠠᠭ ᠬᠤᠭᠤᠴᠠᠭ᠎ᠠ ᠶᠢ ᠲᠤᠳᠤᠷᠬᠠᠶᠢᠯᠠᠵᠤ᠂ ᠠᠰᠠᠭᠤᠳᠠᠯ ᠤᠨ ᠨᠠᠷᠢᠨ ᠲᠠᠩᠰᠠ ᠲᠠᠢ  ᠬᠠᠷᠭᠤᠭᠤᠯᠤᠨ᠂ ᠨᠢᠭᠡᠳ ᠨᠢᠭᠡ ᠪᠠᠷ ᠪᠠᠶᠢᠴᠠᠭᠠᠨ ᠴᠡᠭᠴᠡᠯᠡᠬᠦ ᠬᠡᠷᠡᠭᠲᠡᠶ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠬᠤᠶᠠᠷ ᠲᠤ ᠦᠯᠦ ᠵᠣᠪᠠᠭ᠋ᠤ  ᠂ ᠭᠤᠷᠪᠠ ᠶᠢ ᠵᠠᠪᠠᠯ ᠪᠠᠲᠤᠯᠠᠬᠤ︾ ᠲᠤᠬᠠᠢ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠯ᠎ᠡ ᠲᠣᠰᠬᠤᠨ ᠤ ᠬᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠲᠠᠢ ᠬᠠᠮᠵᠢᠯᠴᠠᠵᠤ ᠪᠠᠶᠢᠭᠠᠳ ᠣᠷᠣᠨ ᠰᠠᠭᠤᠴᠠ᠂ ᠤᠰᠤ ᠤᠮᠳᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠦᠨ᠂  ᠲᠦᠭᠰᠢᠭᠦᠷᠢ ᠶᠢ ᠴᠠᠭ ᠲᠤᠬᠠᠢ ᠳᠤᠨᠢ ᠠᠷᠢᠯᠭᠠᠵᠤ᠂  ᠪᠦᠬᠦ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠪᠡ᠃  
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号