︽ᠵᠢᠵᠢᠭ ᠠᠵᠤ ᠦᠢᠯᠡᠰ︾ ᠢᠶᠠᠷ ︽ᠲᠤᠮᠤ ᠬᠦᠭᠵᠢᠯᠳᠡ︾ ᠶᠢ ᠪᠡᠶᠡᠯᠡᠬᠦᠯᠦᠨ᠎ᠡ
ᠨᠡᠶᠢᠲᠡᠯᠡᠭᠰᠡᠨ ᠴᠠᠭ᠄
2024/8/25
  ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ᠣᠨᠴᠠᠯᠢᠭᠲᠤ ᠡᠬᠢ ᠪᠠᠶᠠᠯᠢᠭ ᠲᠠᠭᠠᠨ ᠰᠠᠭᠤᠷᠢᠯᠠᠨ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠪᠠᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠬᠦᠷᠢᠶ᠎ᠡ ᠬᠠᠰᠢᠶᠠᠨ ᠤ ᠠᠵᠤ ᠠᠬᠤᠢ︾ ᠶᠢ ᠬᠥᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠦᠷ᠎ᠡ ᠪᠦᠲᠦᠭᠡᠯ ᠢ ᠪᠠᠬᠢᠵᠢᠬᠦᠯᠦᠨ ᠦᠷᠭᠡᠳᠭᠡᠬᠦ ᠶᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠴᠢᠬᠤᠯᠠ ᠭᠠᠷᠳᠠᠴᠠ ᠪᠤᠯᠭᠠᠨ᠂ ᠮᠠᠯᠴᠢᠨ ᠲᠠᠷᠢᠶᠠᠴᠢᠨ ᠡᠷᠦᠬᠡ ᠶᠢ ᠢᠳᠡᠪᠬᠢᠲᠡᠢ ᠪᠠᠷ ᠵᠢᠯᠣᠭᠤᠳᠴᠤ ᠪᠠᠶᠢᠭᠠᠳ ︽ ᠵᠢᠵᠢᠭᠭᠡᠨ ᠬᠦᠷᠢᠶ᠎ᠡ ᠬᠠᠰᠢᠶ᠎ᠠ︾ ᠶᠢ ︽ᠤᠷᠤᠯᠭ᠎ᠠ ᠨᠡᠮᠡᠭᠳᠡᠭᠦᠯᠬᠦ ᠬᠦᠷᠢᠶᠡᠯᠡᠩ︾ ᠪᠣᠯᠭᠠᠵᠤ᠂  ᠬᠤᠳᠠ ᠤᠰᠤ ᠶᠢ ᠭᠤᠶᠤᠵᠢᠭᠤᠯᠤᠨ ᠠᠷᠠᠳ ᠢᠷᠭᠡᠳ ᠢ ᠪᠠᠶᠠᠵᠢᠭᠤᠯᠵᠤ ᠪᠠᠶᠢᠨ᠎ᠠ᠃    ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠪᠠ᠃ ᠤᠯᠤᠰ᠂ ᠣᠷᠣᠨ᠂ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠵᠠᠭᠪᠤᠷ ᠢ ᠵᠣᠷᠢᠭᠲᠠᠢ ᠪᠠᠷ ᠰᠢᠨᠡᠴᠢᠯᠡᠨ᠂ ᠲᠤᠰ ᠭᠠᠵᠠᠷ ᠤᠨ ᠢᠶᠠᠨ ︽ᠮᠢᠬ᠎ᠠ᠂ ᠠᠷᠢᠬᠢ᠂ ᠲᠣᠰᠣ᠂ ᠥᠨᠳᠡᠭᠡ᠂ ᠰᠢᠬᠢᠷ᠂ ᠨᠣᠭᠤᠭ᠎ᠠ᠂ ᠡᠮ︾ ᠵᠡᠷᠭᠡ ᠠᠵᠤ ᠦᠢᠯᠡᠰ ᠤᠨ ᠤᠨᠴᠠᠯᠢᠭᠳᠤ ᠳᠠᠪᠠᠭᠤᠯᠢᠭ ᠲᠠᠢ ᠤᠶᠠᠯᠳᠤᠭᠤᠯᠵᠤ᠂  ᠠᠳᠠᠯᠢ ᠪᠤᠰᠤ ᠭᠠᠴᠠᠭ᠎ᠠ ᠲᠤᠰᠬᠤᠨ᠂ ᠠᠳᠠᠯᠢ ᠪᠤᠰᠤ ᠠᠶᠢᠯ ᠡᠷᠦᠬᠡ ᠶᠢᠨ ᠠᠳᠠᠯᠢ ᠪᠤᠰᠤ ᠪᠠᠶᠢᠳᠠᠯ ᠳᠤ ᠬᠠᠨᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠲᠦᠷᠦᠯ ᠬᠤᠪᠢᠶᠠᠨ ᠵᠢᠯᠣᠭᠤᠳᠴᠤ  ᠮᠠᠯᠴᠢᠨ ᠲᠠᠷᠢᠶᠠᠴᠢᠨ ᠤ ᠬᠦᠷᠢᠶ᠎ᠡ ᠬᠠᠰᠢᠶ᠎ᠠ᠂ ᠭᠡᠷ ᠪᠠᠶᠢᠰᠢᠩ ᠤᠨ ᠡᠮᠦᠨ᠎ᠡ ᠬᠤᠶᠢᠨᠠᠬᠢ ᠬᠤᠭᠤᠰᠣᠨ ᠭᠠᠵᠠᠷ ᠪᠣᠯᠤᠨ ᠬᠥᠳᠡᠯᠮᠦᠷᠢ ᠬᠦᠴᠦᠨ ᠮᠡᠷᠭᠡᠵᠢᠯ ᠤᠨ ᠡᠬᠢ ᠪᠠᠶᠠᠯᠢᠭ ᠢ ᠪᠦᠲᠦᠮᠵᠢᠲᠡᠢ ᠲᠤᠬᠢᠷᠠᠭᠤᠯᠤᠨ ᠪᠦᠲᠦᠮᠵᠢᠲᠡᠢ ᠠᠰᠢᠭᠯᠠᠵᠤ ᠪᠠᠶᠢᠭᠠᠳ᠂ ᠭᠠᠭ᠋ᠠᠢ᠂ ᠲᠠᠬᠢᠶ᠎ᠠ᠂ ᠲᠠᠤᠯᠠᠢ ᠮᠠᠯᠵᠢᠬᠤ ᠪᠠ ᠣᠷᠭᠠᠨᠢᠭ ᠲᠥᠮᠥᠰᠥ᠂ ᠨᠤᠶᠢᠯ ᠪᠤᠭᠤᠳᠠᠢ ᠵᠢᠮᠢᠰ ᠨᠤᠭᠤᠭ᠎ᠠ ᠲᠠᠷᠢᠬᠤ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠬᠡᠪᠡᠷ ᠬᠦᠭᠵᠢᠬᠦᠯᠵᠡᠢ᠃ ᠵᠠᠰᠠᠭ ᠤᠨ ᠣᠷᠳᠣᠨ   ᠠᠴᠠ ᠵᠢᠯᠣᠭᠤᠳᠬᠤ᠂ ᠭᠠᠴᠠᠭ᠎ᠠ ᠲᠣᠰᠬᠤᠨ ᠢᠶᠠᠷ ᠭᠤᠤᠯᠯᠠᠭᠤᠯᠬᠤ᠂  ᠮᠠᠯᠴᠢᠨ ᠲᠠᠷᠢᠶᠠᠴᠢᠨ ᠡᠵᠡᠩᠨᠡᠬᠦ᠂ ᠠᠵᠤ ᠠᠬᠤᠶᠢᠯᠠᠯ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠬᠦᠷᠢᠶ᠎ᠡ ᠬᠠᠰᠢᠶᠠᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂  ᠮᠠᠯᠴᠢᠨ ᠲᠠᠷᠢᠶᠠᠴᠢᠨ ᠡᠷᠦᠬᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠣᠷᠣᠯᠭ᠎ᠠ ᠶᠢᠨ ᠨᠡᠮᠡᠭᠳᠡᠯ ᠢ ᠠᠬᠢᠭᠤᠯᠤᠭᠠᠳ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ  ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠤᠭᠰᠠᠨ ᠪᠠᠶᠢᠨ᠎ᠠ᠃     ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠣᠯᠠᠨ ᠡᠰᠢᠵᠢᠭᠰᠡᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠪᠡ᠃ ︽ᠲᠠᠶᠢᠹᠤᠰᠧ ᠬᠤᠰᠢᠭᠤᠨ ᠤ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠬᠡᠷᠡᠭᠵᠢᠭᠦᠯᠬᠦ ᠲᠦᠰᠦᠪ︾ ᠢ ᠲᠣᠭᠲᠠᠭᠠᠵᠤ᠂ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ ᠥᠷᠭᠡᠨ ᠣᠯᠠᠨ ᠮᠠᠯᠴᠢᠨ ᠲᠠᠷᠢᠶᠠᠴᠢᠨ ᠤ ᠵᠢᠵᠢᠭ ᠲᠡᠵᠢᠭᠡᠨ ᠦᠷᠡᠵᠢᠭᠦᠯᠬᠦ ᠦᠢᠯᠡᠰ ᠪᠠ ᠣᠨᠴᠠᠯᠢᠭᠲᠤ ᠲᠠᠷᠢᠵᠤ ᠤᠷᠤᠭᠤᠯᠬᠤ ᠦᠢᠯᠡᠰ  ᠡᠷᠬᠢᠯᠡᠬᠦ ᠳᠤ ᠢᠳᠡᠪᠬᠢᠳᠡᠢ ᠵᠢᠯᠤᠭᠤᠳᠤᠯᠭ᠎ᠠ ᠪᠠ ᠬᠦᠴᠦᠳᠡᠢ ᠲᠡᠮᠵᠢᠯᠭᠡ ᠬᠠᠩᠭᠠᠵᠤ᠂ ᠠᠵᠤ ᠦᠢᠯᠡᠰ ᠢᠶᠠᠨ ᠬᠦᠭᠵᠢᠬᠦᠯᠬᠦ ᠬᠦᠰᠡᠯ ᠡᠷᠡᠮᠡᠯᠵᠡᠯ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠ  ᠬᠢᠨᠠᠨ ᠬᠡᠮᠵᠢᠬᠦ ᠡᠷᠦᠬᠡ ᠶᠢ ᠵᠣᠷᠢᠭᠵᠢᠭᠤᠯᠵᠤ ᠪᠠᠶᠢᠭᠠᠳ ᠦᠬᠡᠷ᠂ ᠭᠠᠭ᠋ᠠᠶ᠂ ᠲᠠᠬᠢᠶ᠎ᠠ᠂ ᠲᠠᠤᠯᠠᠢ ᠵᠡᠷᠭᠡ ᠲᠡᠵᠢᠭᠡᠨ ᠦᠷᠡᠵᠢᠭᠦᠯᠬᠦ ᠦᠢᠯᠡᠰ ᠪᠠ ᠨᠦᠢᠯ ᠪᠤᠭᠤᠳᠠᠢ᠂  ᠣᠷᠭᠠᠨᠢᠭ ᠲᠥᠮᠥᠰᠥ᠂ ᠵᠢᠮᠢᠰ ᠨᠤᠭᠤᠭ᠎ᠠ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠢᠶᠠᠷ ᠭᠤᠣᠯ ᠪᠣᠯᠭᠠᠭᠰᠠᠨ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂  ᠤᠨᠠᠯᠳᠠ ᠭᠠᠷᠤᠯᠲᠠ ᠪᠠᠨ ᠨᠡᠮᠡᠭᠳᠡᠭᠦᠯᠦᠨ ᠠᠰᠢᠭ ᠣᠷᠣᠯᠭ᠎ᠠ ᠪᠠᠨ ᠨᠡᠮᠡᠭᠳᠡᠭᠦᠯᠬᠦ ᠶᠢ ᠬᠦᠴᠦᠲᠡᠢ ᠲᠠᠶᠢᠴᠢᠯᠠᠭᠰᠠᠨ ᠪᠠᠶᠢᠨ᠎ᠠ᠃ 2021 ᠣᠨ ᠠᠴᠠ ᠨᠠᠰᠢ᠂ ᠵᠢᠯ ᠪᠦᠷᠢ ᠳᠤᠮᠳᠠᠴᠢ ᠪᠠᠷ 4000 ᠰᠢᠬᠠᠮ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ︶ ᠶᠢ ᠳᠡᠮᠵᠢᠵᠤ ᠬᠦᠷᠢᠶ᠎ᠡ ᠬᠠᠰᠢᠶᠠᠨ ᠤ ᠠᠵᠤ ᠠᠬᠤᠶ ᠶᠢᠨ ᠲᠥᠷᠥᠯ ᠵᠦᠢᠯ ᠢ ᠭᠡᠷᠡᠭᠵᠢᠬᠦᠯᠦᠭᠡᠳ ᠨᠡᠶᠢᠲᠡ 1100 ᠭᠠᠷᠤᠶ ᠲᠦᠮᠡᠨ ᠲᠥᠭᠦᠷᠢᠭ ᠤᠨ ᠨᠥᠬᠦᠪᠥᠷᠢ ᠤᠯᠭᠤᠵᠠᠢ᠃ ᠡᠳᠡᠭᠡᠷ ᠲᠦᠷᠦᠯ ᠵᠦᠢᠯ ᠨᠢ 4185 ᠡᠷᠦᠬᠡ ᠶᠢ ᠬᠠᠮᠤᠷᠴᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 2000 - 3000 ᠲᠥᠭᠦᠷᠢᠭ ᠨᠡᠮᠡᠭᠳᠡᠭᠦᠯᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号