ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ ᠦᠵᠡᠰᠬᠦᠯᠡᠩᠲᠦ ᠬᠥᠳᠡᠭᠡ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/8/25
  ᠤᠶᠢᠷ᠎ᠠ ᠶᠢᠨ ᠵᠢᠯ ᠳᠤ᠂  ᠰᠢᠩ ᠹᠦ᠋ ᠰᠢᠶᠠᠩ ᠤᠨ ᠶᠦᠩ ᠸᠠᠩ ᠲᠤᠰᠬᠤᠨ ᠤ ᠬᠢᠨ ᠨᠠᠮ ᠤᠨ ᠪᠠᠶᠢᠭᠤᠯᠤᠯᠳᠠ ᠪᠠᠷ ᠵᠢᠯᠤᠭᠤᠳᠤᠨ ᠲᠠᠭᠠᠭᠤᠯᠬᠤ ᠶᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠨᠢᠭᠡᠳᠦᠭᠡᠷ ᠭᠠᠷᠳᠠᠴᠠ︾ ᠪᠣᠯᠭᠠᠵᠤ᠂ ᠭᠠᠵᠠᠷ ᠣᠷᠣᠨ ᠤ ᠪᠠᠢᠳᠠᠯ ᠳᠠᠭᠠᠨ ᠲᠣᠬᠢᠷᠠᠭᠤᠯᠤᠨ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠦᠨ᠂ ᠠᠷᠠᠳ ᠤᠨ ᠠᠮᠢᠳᠤᠷᠠᠯ ᠢ ᠡᠳᠦᠷ ᠢᠷᠡᠬᠦᠶ᠎ᠡ ᠰᠠᠶᠢᠵᠢᠷᠠᠭᠤᠯᠤᠭᠠᠳ  ᠂ ᠠᠵᠤ ᠦᠢᠯᠡᠰ ᠬᠥᠭᠵᠢᠭᠰᠡᠨ᠂ ᠠᠷᠠᠳ ᠣᠯᠠᠨ ᠪᠠᠶᠠᠵᠢᠭᠰᠠᠨ᠂  ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠬᠥᠳᠡᠭᠡ ᠲᠤᠰᠬᠤᠨ ᠤ ᠰᠢᠨ᠎ᠡ ᠵᠢᠷᠤᠭ ᠢ ᠵᠢᠷᠤᠭᠯᠠᠵᠤ ᠪᠤᠢ᠃    ᠶᠦᠩ ᠸᠠᠩ ᠲᠣᠰᠬᠤᠨ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠨᠢ ᠲᠤᠰᠢᠶᠠᠯ ᠳᠤ ᠭᠠᠷᠤᠭᠰᠠᠨ ᠠᠴᠠ ᠨᠠᠰᠢ᠂ ᠲᠣᠰᠬᠤᠨ ᠤ ︽ᠬᠤᠶᠠᠷ ᠵᠥᠪᠯᠡᠯ︾ ᠨᠢ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠨ᠂ ︽ᠭᠤᠷᠪᠠᠨ ᠬᠤᠷᠠᠯ ᠨᠢᠭᠡ ᠬᠢᠴᠢᠶᠡᠯ︾᠂ ᠨᠠᠮ ᠤᠨ ᠭᠡᠰᠢᠭᠦᠨ ᠤ ᠬᠦᠳᠡᠯᠪᠦᠷᠢ ᠠᠵᠢᠯᠯᠠᠭᠠᠨ ᠤ ᠡᠳᠦᠷ ᠵᠡᠷᠭᠡ ᠳᠤ ᠲᠦᠰᠢᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠡᠷᠭᠡ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ ᠤ ᠦᠵᠡᠯ ᠰᠠᠨᠠᠭᠠᠨ ᠤ ᠠᠬᠤᠢ ᠪᠠᠶᠢᠳᠠᠯ ᠪᠣᠯᠤᠨ ᠲᠣᠰᠬᠤᠨ ᠤ ᠺᠠᠳ᠋ᠷ ᠤᠨ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠳᠠ ᠦᠭᠡᠢ ᠲᠡᠭᠡᠭᠰᠢᠯᠡᠬᠦᠯᠵᠦ ᠢᠷᠡᠵᠡᠢ᠃       ᠲᠣᠰᠬᠤᠨ ᠤ ᠨᠠᠮ ᠤᠨ ᠡᠭᠦᠷ ᠤᠨ ᠱᠦᠵᠢ ᠵᠢᠶᠠ ᠳ᠋ᠦᠩ ᠱᠧᠩ᠄ ︽ᠮᠠᠨ ᠤ ᠨᠠᠮ ᠤᠨ ᠡᠭᠦᠷ ᠨᠢ ᠠᠵᠢᠯ ᠢᠶᠠᠨ ᠥᠷᠨᠢᠭᠦᠯᠬᠦ ᠳᠡᠭᠡᠨ ︿ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ﹀ ᠠᠵᠢᠯ ᠤᠨ ᠠᠷᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠰᠢᠢᠳᠪᠦᠷᠢ ᠭᠠᠷᠭᠠᠬᠤ ᠳᠠᠭᠠᠨ ᠨᠠᠮ ᠤᠨ ᠡᠭᠦᠷ ᠤᠨ ᠬᠤᠷᠠᠯ᠂ ᠨᠠᠮ ᠤᠨ ᠭᠡᠰᠢᠭᠦᠨ ᠤ ᠬᠤᠷᠠᠯ᠂ ᠲᠣᠰᠬᠤᠨ ᠤ ᠢᠷᠭᠡᠳ ᠤᠨ ᠲᠥᠯᠥᠭᠡᠯᠡᠭᠴᠢᠳ ᠤᠨ ᠬᠤᠷᠠᠯ   ᠢ ᠬᠤᠷᠠᠯᠳᠤᠭᠤᠯᠵᠤ᠂ ᠨᠠᠮ ᠤᠨ ᠭᠡᠰᠢᠭᠦᠨ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠭᠦᠢᠴᠡᠳ ᠰᠤᠨᠤᠰᠳᠠᠭ᠃ ᠨᠠᠮ ᠤᠨ ᠡᠭᠦᠷ ᠠᠴᠠ ᠪᠠᠰᠠ ᠤᠳᠤᠷᠢᠳᠬᠤ ᠪᠠᠭ ᠪᠠ ᠨᠠᠮ ᠤᠨ ᠭᠡᠰᠢᠭᠦᠨ ᠤ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠠᠵᠢᠯ ᠤᠨ ᠬᠠᠷᠠᠯᠲᠠ ᠶᠢ  ᠲᠤᠭᠳᠠᠭᠠᠨ᠂ ᠨᠠᠮ ᠤᠨ ᠭᠡᠰᠢᠭᠦᠨ ᠨᠢᠭᠡᠪᠦᠷᠢ ᠲᠠᠢ ᠠᠮᠠᠯᠠᠯᠲᠠ ᠶᠢᠨ ᠭᠡᠷ᠎ᠡ ᠲᠤᠭᠳᠠᠵᠤ᠂ ᠥᠷᠭᠡᠨ ᠣᠯᠠᠨ ᠨᠠᠮ ᠤᠨ ᠭᠡᠰᠢᠭᠦᠨ ᠤ ᠢᠳᠡᠪᠬᠢᠵᠢᠯ ᠢ ᠲᠠᠶᠢᠴᠢᠯᠠᠨ᠂ ᠡᠭᠦᠷᠭᠡ ᠲᠤᠰᠢᠶᠠᠯ ᠬᠦᠢᠴᠡᠳᠭᠡᠬᠦ ᠬᠢᠷᠢ ᠴᠢᠳᠠᠪᠤᠷᠢ ᠶᠢ ᠲᠡᠭᠡᠭᠰᠢᠯᠡᠬᠦᠯᠦᠭᠰᠡᠨ︾᠃     ᠬᠥᠳᠡᠭᠡ ᠲᠤᠰᠬᠤᠨ ᠢ ᠬᠦᠴᠦᠷᠭᠡᠭᠵᠢᠬᠦᠯᠵᠦ ᠬᠥᠳᠡᠭᠡ ᠠᠵᠤ ᠠᠬᠤᠢ ᠶᠢ ᠬᠥᠭᠵᠢᠭᠦᠯᠬᠦ ᠳᠤ ᠠᠵᠤ ᠦᠢᠯᠡᠰ ᠪᠣᠯ ᠦᠨᠳᠦᠰᠦᠨ ᠵᠦᠢᠯ ᠮᠥᠨ᠃ ᠲᠣᠰᠬᠤᠨ ᠤ ᠨᠠᠮ ᠤᠨ ᠡᠭᠦᠷ ᠨᠢ ᠠᠵᠤ ᠦᠢᠯᠡᠰ ᠢ ᠬᠥᠭᠵᠢᠭᠦᠯᠬᠦ ᠠᠷᠭ᠎ᠠ ᠵᠠᠮ ᠢ ᠢᠳᠡᠪᠬᠢᠲᠡᠢ ᠬᠠᠶᠢᠵᠦ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ 2022 ᠣᠨ ᠳᠤ ᠳᠡᠭᠡᠳᠦ ᠱᠠᠲᠤᠨ ᠠᠴᠠ 385 ᠲᠦᠮᠡᠨ ᠲᠥᠭᠦᠷᠢᠭ ᠤᠨ ᠪᠡᠯᠡ ᠮᠥᠩᠭᠦ ᠶᠢ ᠡᠷᠡᠮᠡᠯᠵᠡᠯᠡᠨ ᠤᠯᠵᠤ ᠪᠠᠶᠢᠭᠠᠳ ᠬᠦᠯᠡᠮᠵᠢ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ ᠢᠵᠢ ᠪᠦᠷᠢᠳᠦᠭᠰᠡᠨ ᠤᠰᠤᠯᠠᠯᠳᠠ ᠶᠢᠨ ᠲᠦᠬᠦᠭᠡᠷᠦᠮᠵᠢ ᠲᠠᠢ 100 ᠰᠠᠭᠤᠷᠢ ᠢᠳᠡᠰᠢᠨ ᠨᠤᠭᠤᠭᠠᠨ ᠤ ᠬᠦᠯᠡᠮᠵᠢ ᠶᠢ ᠪᠠᠶᠢᠭᠤᠯᠤᠭᠠᠳ  ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠵᠢᠯ ᠤᠨ 25 ᠲᠦᠮᠡᠨ ᠲᠥᠭᠦᠷᠢᠭ ᠨᠡᠮᠡᠭᠳᠡᠬᠦᠯᠵᠡᠢ᠃ ᠡᠨᠡᠬᠦ ᠵᠢᠱᠢᠶ᠎ᠡ ᠦᠵᠡᠭᠦᠯᠬᠦ ᠴᠡᠭ ᠨᠢ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠢᠯᠡᠬᠦᠴᠡ ᠬᠥᠳᠡᠯᠮᠦᠷᠢ ᠬᠦᠴᠦᠨ ᠤ ᠠᠵᠢᠯ ᠤᠯᠬᠤ ᠠᠰᠠᠭᠤᠳᠠᠯ ᠢ ᠰᠢᠢᠳᠪᠦᠷᠢᠯᠡᠵᠦ᠂ ᠬᠦᠯᠡᠮᠵᠢ ᠳᠤ ᠬᠦᠴᠦᠨ ᠤ ᠠᠵᠢᠯ ᠬᠢᠭᠰᠡᠨ ᠲᠠᠷᠢᠶᠠᠴᠢᠳ ᠡᠳᠦᠷ ᠪᠦᠷᠢ ᠳᠤᠮᠳᠠᠴᠢ ᠪᠠᠷ 150 ᠲᠥᠭᠦᠷᠢᠭ ᠤᠨ ᠣᠷᠣᠯᠭ᠎ᠠ  ᠤᠯᠬᠤ ᠪᠤᠯᠵᠠᠢ᠃ ᠣᠳᠣᠬᠠᠨ ᠳᠤ᠂ 100 ᠭᠠᠷᠤᠢ  ᠲᠤᠰᠬᠤᠨ ᠤ ᠠᠷᠠᠳ ᠡᠶᠢᠨᠬᠦ ︽ᠭᠡᠷ ᠤᠨ ᠡᠬᠦᠳᠡᠨ ᠳᠡᠭᠡᠨ ᠠᠵᠢᠯ ᠤᠯᠵᠤ︾ ᠠᠰᠢᠭ ᠣᠷᠣᠯᠭ᠎ᠠ ᠪᠠᠨ ᠨᠡᠮᠡᠭᠳᠡᠭᠦᠯᠵᠦ ᠪᠠᠶᠢᠨ᠎ᠠ᠃    ᠲᠣᠰᠬᠤᠨ ᠤ ᠠᠷᠠᠳ ᠳ᠋ᠦ᠋ ᠬᠦᠢ ᠪᠦᠦ᠄ ︽ ᠪᠢ ᠬᠦᠯᠡᠮᠵᠢ ᠪᠠᠶᠢᠭᠤᠯᠤᠭᠰᠠᠨ ᠠᠴᠠ ᠨᠠᠰᠢ ᠠᠳᠡ ᠵᠠᠯᠭᠠᠭ᠎ᠠ ᠠᠵᠢᠯᠯᠠᠭᠰᠠᠭᠠᠷ ᠢᠷᠡᠵᠡᠢ᠂ ᠰᠠᠷ᠎ᠠ ᠳᠤ 4000-5000 ᠲᠥᠭᠦᠷᠢᠭ ᠣᠯᠳᠠᠭ  ᠂ ᠬᠤᠲᠠ ᠤᠷᠤᠵᠤ ᠬᠥᠯᠥᠰᠥᠨ ᠠᠵᠢᠯ ᠬᠢᠬᠦ ᠴᠢᠬᠤᠯᠠ ᠦᠭᠡᠢ᠂  ᠬᠦᠯᠡᠮᠵᠢ ᠳᠤ ᠠᠵᠢᠯ ᠬᠢᠬᠦ ᠮᠠᠰᠢ ᠠᠮᠠᠷᠬᠠᠨ᠂ ᠪᠠᠰᠠ ᠠᠷᠤ ᠬᠡᠷ ᠢᠶᠠᠨ ᠬᠠᠷᠠᠭᠠᠯᠵᠠᠵᠤ ᠲᠡᠶᠢᠯᠦᠨ᠎ᠡ᠂  ᠮᠢᠨᠦ ᠬᠤᠪᠢ ᠳᠤ ᠮᠠᠰᠢ ᠰᠡᠳᠬᠢᠯ ᠬᠠᠨᠤᠮᠵᠢᠲᠠᠶ ᠪᠠᠶᠢᠭ᠎ᠠ︾᠃   ᠲᠣᠰᠬᠤᠨ ᠤ ᠨᠠᠮ ᠤᠨ ᠡᠭᠦᠷ ᠤᠨ ᠱᠦᠵᠢ ᠵᠢᠶᠠ ᠳ᠋ᠦᠩ ᠱᠧᠩ᠄ ︽2025 ᠣᠨ ᠳᠤ ᠮᠠᠨ ᠤ ᠲᠣᠰᠬᠤᠨ ᠨᠢ ᠪᠠᠰᠠ 200 ᠰᠠᠭᠤᠷᠢ ᠬᠦᠯᠡᠮᠵᠢ ᠶᠢ ᠪᠠᠶᠢᠭᠤᠯᠵᠤ᠂ ᠲᠣᠰᠬᠤᠨ ᠤ ᠬᠠᠮᠲᠤ ᠶᠢᠨ ᠣᠷᠣᠯᠭ᠎ᠠ ᠪᠠᠨ 100 ᠲᠦᠮᠡᠨ ᠲᠥᠭᠦᠷᠢᠭ ᠲᠤ ᠬᠦᠷᠭᠡᠬᠦ ᠪᠠᠷ ᠲᠦᠯᠦᠪᠯᠡᠵᠦ ᠪᠤᠢ᠃ ᠢᠳᠡᠰᠢᠨ ᠨᠤᠭᠤᠭᠠᠨ ᠤ ᠬᠦᠯᠡᠮᠵᠢ ᠶᠢ ᠪᠠᠶᠢᠭᠤᠯᠤᠭᠰᠠᠨ ᠠᠴᠠ ᠣᠯᠠᠨ ᠵᠢᠯ ᠭᠡᠷᠡᠭᠯᠡᠭᠡ ᠦᠬᠡᠢ ᠬᠠᠶᠠᠭᠳᠠᠭᠰᠠᠨ ᠲᠣᠭᠲᠠᠮᠠᠯ ᠲᠤᠯᠠᠭᠠᠨᠳᠤ ᠬᠥᠮᠥᠷᠭᠡ ᠴᠤ ᠠᠰᠢᠭᠯᠠᠯᠳᠠ ᠳᠤ ᠤᠷᠤᠭᠠᠳ  ᠵᠢᠯ ᠤᠨ 5 ᠲᠦᠮᠡᠨ ᠲᠥᠭᠦᠷᠢᠭ ᠢᠶᠠᠷ ᠲᠦᠷᠢᠶᠡᠰᠦᠯᠡᠨ ᠦᠭᠴᠦ ᠪᠠᠶᠢᠨ᠎ᠠ᠃ ᠡᠨᠡ ᠵᠢᠯ ᠪᠢᠳᠡ ᠪᠠᠰᠠ ᠲᠤᠰᠬᠠᠶ ᠬᠤᠷᠰᠢᠶᠠᠵᠢᠯ ᠪᠠᠶᠢᠭᠤᠯᠵᠤ᠂ ᠭᠠᠳᠠᠭᠰᠢ ᠭᠠᠷᠤᠭᠰᠠᠨ ᠲᠠᠷᠢᠶᠠᠴᠢᠳ ᠪᠣᠯᠤᠨ ᠲᠠᠷᠢᠶ᠎ᠠ ᠲᠠᠷᠢᠬᠤ ᠦᠬᠡᠢ ᠡᠷᠦᠬᠡ ᠶᠢᠨ ᠭᠠᠵᠠᠷ ᠰᠢᠷᠣᠶ ᠶᠢ ᠠᠰᠢᠭᠯᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠠᠳ᠂ ᠲᠠᠷᠢᠶᠠᠴᠢᠳ ᠲᠤ ᠦᠨᠡᠨ ᠪᠣᠳᠠᠲᠠᠶ ᠠᠰᠢᠭ ᠣᠷᠣᠯᠭ᠎ᠠ ᠣᠯᠭᠤᠵᠤ᠂ ᠬᠤᠶᠠᠷ ᠲᠠᠯ᠎ᠠ ᠪᠠᠷ ᠢᠶᠠᠨ ᠠᠰᠢᠭ ᠬᠦᠷᠲᠡᠬᠦ ᠶᠢ ᠪᠡᠶᠡᠯᠡᠬᠦᠯᠵᠡᠢ︾᠃    ᠢᠳᠡᠰᠢᠨ ᠨᠤᠭᠤᠭᠠᠨ ᠤ ᠠᠵᠤ ᠦᠢᠯᠡᠰ ᠢ ᠬᠥᠭᠵᠢᠭᠦᠯᠬᠦ ᠠᠴᠠ ᠭᠠᠳᠠᠨ᠎ᠠ᠂ 2021 ᠣᠨ ᠳᠤ ᠶᠦᠩ ᠸᠠᠩ ᠲᠣᠰᠬᠤᠨ ᠨᠢ ᠤᠯᠤᠰ ᠤᠨ ᠭᠡᠷᠡᠯ ᠴᠡᠨᠡᠭ ᠤᠨ ᠲᠦᠷᠦᠯ ᠵᠦᠢᠯ ᠤᠨ ᠪᠡᠯᠡ ᠮᠥᠩᠭᠦ 100 ᠲᠦᠮᠡᠨ ᠲᠥᠭᠦᠷᠢᠭ   ᠢ ᠣᠯᠵᠤ᠂ 6 ᠮᠦ ᠲᠠᠯᠠᠪᠠᠢ ᠪᠦᠬᠦᠢ ᠭᠡᠷᠡᠯ ᠴᠡᠨᠡᠭ ᠤᠨ ᠲᠦᠷᠦᠯ ᠵᠦᠢᠯ ᠤᠨ ᠤᠷᠤᠨ ᠢ ᠪᠠᠶᠢᠭᠤᠯᠤᠭᠠᠳ᠂ ᠵᠢᠯ ᠳᠤ 31250 kwh ᠴᠠᠬᠢᠯᠭᠠᠨ ᠭᠠᠷᠭᠠᠵᠤ᠂  ᠲᠣᠰᠬᠤᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠪᠠᠨ 10 ᠲᠦᠮᠡ ᠭᠠᠷᠤᠶ ᠲᠥᠭᠦᠷᠢᠭ ᠨᠡᠮᠡᠭᠳᠡᠬᠦᠯᠪᠡ᠃   ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠤᠯ ᠣᠯᠠᠨ ᠲᠦᠮᠡᠨ ᠠᠴᠠ ᠬᠠᠮᠤᠭ ᠤᠨ ᠣᠶᠢᠷ᠎ᠠ᠂  ᠤᠯᠠᠨ ᠲᠦᠮᠡᠨ ᠲᠠᠢ ᠬᠠᠷᠢᠴᠠᠬᠤ ᠨᠢ ᠬᠠᠮᠤᠭ ᠤᠨ ᠨᠢᠭᠲᠠ ᠪᠠᠶᠢᠳᠠᠭ ᠶᠤᠮ᠂ ᠦᠨᠳᠦᠰᠦᠨ ᠱᠠᠲᠤᠨ ᠤ ᠵᠠᠰᠠᠯᠲᠠ  ᠦᠷ᠎ᠡ ᠪᠦᠲᠦᠮᠵᠢ ᠲᠠᠢ ᠶᠠᠪᠤᠭᠳᠠᠬᠤ ᠶᠢᠨ ᠵᠠᠩᠭᠢᠯᠠᠭ᠎ᠠ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠢ ᠰᠠᠶᠢᠲᠤᠷ ᠪᠠᠳᠠᠷᠠᠭᠤᠯᠬᠤ ᠶᠠᠪᠤᠳᠠᠯ ᠪᠣᠯᠤᠨ᠎ᠠ᠃ ᠶᠦᠩ ᠸᠠᠩ ᠲᠣᠰᠬᠤᠨ ᠨᠢ ︽ᠤᠯᠠᠨ ᠲᠦᠮᠡᠨ ᠤ ᠰᠡᠳᠬᠢᠯ ᠢ ᠨᠢᠭᠲᠠᠷᠠᠭᠤᠯᠵᠤ ᠤᠯᠠᠨ ᠲᠦᠮᠡᠨ ᠳᠤ ᠰᠢᠳᠤᠷᠭᠤ ᠦᠢᠯᠡᠴᠢᠯᠡᠬᠦ︾ ᠪᠠᠷ ᠵᠣᠷᠢᠯᠲᠠ ᠪᠤᠯᠭᠠᠨ᠂ ᠨᠠᠮ ᠤᠨ ᠭᠡᠰᠢᠭᠦᠨ ᠪᠠ ᠤᠯᠠᠨ ᠲᠦᠮᠡᠨ ᠳᠤ ︽ᠨᠢᠭᠡ ᠦᠷᠳᠡᠭᠡᠴᠢᠯᠡᠭᠰᠡᠨ ᠦᠢᠯᠡᠴᠢᠯᠡᠭᠡ︾ ᠬᠠᠩᠭᠠᠵᠤ᠂ ᠶᠡᠷᠦᠩᠬᠡᠶᠢᠯᠡᠭᠰᠡᠨ ᠠᠵᠢᠯ ᠤᠨ ᠴᠤᠩᠬᠤᠪᠴᠢ᠂ ᠲᠤᠤᠷᠴᠢᠯᠠᠭᠰᠠᠨ ᠵᠠᠰᠠᠯᠲᠠ ᠶᠢᠨ ᠴᠤᠩᠬᠤᠪᠴᠢ᠂ ᠬᠠᠪᠰᠤᠷᠤᠨ ᠬᠦᠢᠴᠡᠳᠭᠡᠵᠦ ᠤᠷᠤᠯᠠᠨ ᠭᠦᠢᠴᠡᠳᠬᠡᠬᠦ ᠴᠤᠩᠬᠤᠪᠴᠢ᠂ ᠠᠰᠠᠭᠤᠨ ᠯᠠᠪᠯᠠᠬᠤ ᠪᠠ  ᠢᠯᠡᠴᠢᠯᠡᠨ ᠵᠠᠭᠠᠯᠳᠤᠬᠤ ᠴᠤᠩᠬᠤᠪᠴᠢ ᠵᠡᠷᠭᠡ ᠶᠢ ᠲᠤᠬᠢᠷᠠᠭᠤᠯᠤᠭᠠᠳ᠂ ᠠᠷᠠᠳ ᠢᠷᠭᠡᠳ ᠲᠤ ᠬᠠᠮᠤᠭ ᠤᠨ ᠶᠡᠭᠡ ᠬᠡᠮᠵᠢᠶ᠎ᠡ ᠪᠠᠷ ᠲᠦᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠥᠳᠡᠯᠭᠡᠬᠦ ᠬᠦᠴᠦᠨ ᠢ ᠬᠦᠭᠵᠢᠬᠡᠵᠦ ᠢᠷᠡᠪᠡ᠃ 2024 ᠣᠨ ᠤ ᠡᠬᠢᠨ ᠠᠴᠠ ᠤᠳᠤ ᠪᠣᠯᠲᠠᠯ᠎ᠠ᠂ ᠲᠤᠰᠬᠤᠨ ᠤ ︽ᠬᠤᠶᠠᠷ ᠵᠦᠪᠯᠡᠯ︾ ᠨᠢ  100 ᠭᠠᠷᠤᠢ ᠬᠤᠪᠢ ᠠᠵᠢᠯ ᠶᠠᠪᠤᠳᠠᠯ ᠢ ᠬᠠᠪᠰᠤᠷᠤᠨ ᠭᠦᠢᠴᠡᠳᠬᠡᠬᠦ ᠪᠤᠶᠤ ᠤᠷᠤᠯᠠᠨ ᠬᠦᠢᠴᠡᠳᠭᠡᠵᠡᠢ  ᠃   ᠲᠣᠰᠬᠤᠨ ᠤ ᠠᠷᠠᠳ ᠸᠠᠩ ᠴᠢ ᠱᠠᠨ  ᠄ ︽ᠲᠤᠰᠬᠤᠨ ᠤ ᠺᠠᠳ᠋ᠷ ᠨᠠᠷ ᠪᠢᠳᠡᠨ ᠢ ᠮᠠᠰᠢ ᠬᠠᠯᠠᠮᠵᠢᠯᠠᠳᠠᠭ᠂  ᠬᠥᠭᠰᠢᠨ ᠮᠢᠨᠢ ᠵᠡᠮᠳᠡᠭ᠂ ᠪᠢ ᠥᠪᠡᠷ ᠢᠶᠠᠨ ᠪᠠᠰᠠ ᠤᠵᠢᠭ ᠡᠪᠡᠳᠴᠢᠨ ᠲᠠᠢ᠂ ᠲᠣᠰᠬᠤᠨ ᠤ ᠺᠠᠳ᠋ᠷ ᠪᠢᠳᠡᠨ ᠢ ᠳᠠᠭᠠᠭᠤᠯᠤᠨ ᠡᠮᠨᠡᠯᠭᠡ ᠶᠢᠨ ᠬᠤᠷᠢᠶᠠᠨ ᠳᠤ ᠬᠦᠷᠴᠦ ᠵᠡᠮᠳᠡᠭ ᠤᠨ ᠰᠢᠯᠭᠠᠨ ᠲᠣᠭᠲᠠᠭᠠᠯᠲᠠ ᠬᠢᠯᠬᠡᠵᠦ᠂ ᠵᠡᠮᠳᠡᠭ ᠤᠨ ᠦᠨᠡᠮᠯᠡᠯ ᠤᠯᠭᠤᠵᠤ ᠦᠭᠴᠡᠢ᠃  ᠡᠮ ᠲᠠᠩ ᠠᠪᠬᠤ ᠴᠢᠬᠤᠯᠠᠲᠠᠢ ᠪᠤᠯ ᠲᠡᠳᠡᠨ ᠳᠤ ᠬᠡᠯᠡᠪᠡᠯ ᠪᠤᠯᠴᠢᠬᠠᠨ᠎ᠠ᠃ ᠡᠨᠡ ᠵᠢᠯ ᠪᠣᠷᠣᠭᠠᠨ  ᠤᠷᠤᠵᠤ ᠭᠡᠷ ᠭᠤᠭᠤᠵᠢᠭᠰᠠᠨ ᠳᠤ ᠪᠠᠰᠠᠯᠠ ᠲᠣᠰᠬᠤᠨ ᠤ ᠺᠠᠳ᠋ᠷᠴᠤᠳ ᠵᠠᠰᠠᠵᠤ ᠦᠭᠬᠦᠯ᠎ᠡ᠂ ᠪᠣᠷᠣᠭᠠᠨ ᠣᠷᠣᠭᠰᠠᠨ ᠤ ᠳᠠᠷᠠᠭ᠎ᠠ ᠲᠣᠰᠬᠤᠨ ᠤ  ᠵᠠᠮ ᠢ ᠴᠤ ᠰᠢᠨᠡᠳᠭᠡᠨ ᠵᠠᠰᠠᠪᠠ᠂  ᠰᠠᠶᠢᠨ ᠶᠠᠪᠤᠳᠠᠯ ᠢ ᠪᠤᠯ ᠦᠨᠡᠬᠡᠷ ᠪᠠᠭ᠎ᠠ ᠦᠬᠡᠢ ᠬᠢᠵᠦ ᠪᠠᠶᠢᠨ᠎ᠠ ᠰᠢᠦ︾᠃     ᠬᠥᠳᠡᠭᠡ ᠲᠤᠰᠬᠤᠨ ᠢ ᠬᠥᠭᠵᠢᠭᠦᠯᠬᠦ ᠳᠤ ᠣᠷᠴᠢᠨ ᠲᠣᠭᠤᠷᠢᠨ ᠪᠣᠯ ᠰᠠᠭᠤᠷᠢ ᠥᠩᠭᠡ ᠮᠥᠨ᠃ ᠶᠦᠩ ᠸᠠᠩ ᠲᠤᠰᠬᠤᠨ ᠳᠤ ᠤᠳᠤ ᠠᠷᠪᠠᠭᠠᠳ ᠺᠢᠯᠤᠮᠧᠲᠷ ᠱᠦᠢᠨᠢ ᠵᠠᠮ ᠨᠡᠪᠲᠡᠷᠡᠵᠦ᠂ ᠲᠣᠰᠬᠤᠨ ᠤ ᠠᠷᠠᠳ ᠤᠨ ᠶᠠᠪᠤᠵᠤ ᠰᠠᠭᠤᠬᠤ ᠠᠰᠠᠭᠤᠳᠠᠯ ᠪᠦᠲᠦᠮᠵᠢᠲᠡᠶ ᠰᠢᠢᠳᠪᠦᠷᠢᠯᠡᠭᠳᠡᠭᠰᠡᠨ ᠪᠦᠭᠡᠳ 8 ᠰᠠᠭᠤᠷᠢ ᠬᠤᠭ   ᠤᠨ ᠬᠠᠶᠢᠷᠴᠠᠭ ᠢ ᠲᠤᠬᠢᠷᠠᠭᠤᠯᠵᠤ᠂  ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠲᠣᠭᠲᠠᠭᠰᠠᠨ ᠴᠠᠭ ᠲᠤ ᠴᠡᠪᠡᠷᠯᠡᠨ  ᠂ ᠬᠤᠳᠠ ᠤᠰᠤᠨ ᠤ  ᠣᠷᠴᠢᠨ ᠲᠣᠭᠤᠷᠢᠨ ᠦᠨᠡᠨᠬᠦ ᠭᠤᠶᠤᠵᠢᠵᠤ ᠰᠠᠶᠢᠵᠢᠷᠠᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠲᠠᠯ᠎ᠠ ᠨᠤᠲᠤᠭ ᠤᠨ ᠨᠣᠮ ᠤᠨ ᠦᠷᠦᠭᠡ᠂ ᠬᠦᠳᠡᠯᠪᠦᠷᠢ ᠠᠵᠢᠯᠯᠠᠭᠠᠨ ᠤ ᠲᠠᠯᠠᠪᠠᠢ ᠵᠡᠷᠭᠡ ᠤᠯᠠᠨ  ᠲᠦᠮᠡᠨᠴᠢ ᠰᠠᠭᠤᠷᠢᠨ ᠭᠠᠵᠠᠷ ᠤᠨ ᠪᠠᠶᠢᠭᠤᠯᠤᠯᠲᠠ ᠪᠠ ᠬᠡᠷᠡᠭᠯᠡᠯᠲᠡ ᠨᠢ ᠲᠣᠰᠬᠤᠨ ᠤ ᠠᠷᠠᠳ ᠤᠨ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠪᠠ ᠁ ᠬᠡᠳᠦᠨ ᠵᠢᠯ ᠤᠨ ᠴᠢᠷᠮᠠᠶᠢᠯᠭ᠎ᠠ ᠪᠠᠷ ᠲᠠᠮᠵᠢᠭᠠᠳ᠂  ᠶᠦᠩ ᠸᠠᠩ ᠲᠣᠰᠬᠤᠨ ᠨᠢ ᠣᠷᠴᠢᠨ ᠲᠣᠭᠤᠷᠢᠨ ᠤ ᠦᠩᠭᠡ ᠲᠦᠷᠬᠦ ᠪᠠᠨ ᠢᠯᠡᠳᠲᠡ ᠰᠠᠶᠢᠵᠢᠷᠠᠭᠤᠯᠵᠤ᠂ ᠲᠣᠰᠬᠤᠨ ᠱᠠᠲᠤᠨ ᠤ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠰᠬᠤᠨ ᠤ ᠠᠷᠠᠳ ᠤᠨ ᠬᠠᠨᠤᠮᠵᠢ ᠶᠢᠨ ᠬᠡᠮᠵᠢᠶ᠎ᠡ᠂  ᠠᠵᠠ ᠵᠢᠷᠭᠠᠯ ᠤᠨ ᠲᠥᠷᠥᠭᠳᠡᠯ ᠢ ᠦᠷᠭᠦᠯᠵᠢᠯᠡᠨ ᠲᠡᠭᠡᠭᠰᠢᠯᠡᠬᠦᠯᠦᠭᠰᠡᠨ ᠢᠶᠠᠷ᠂ ᠤᠷᠢᠳ ᠬᠤᠵᠢᠳ ᠪᠦᠬᠦ ᠠᠶᠢᠮᠠᠭ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂   ᠲᠠᠶᠢᠹᠤᠰᠧ ᠬᠤᠰᠢᠭᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠵᠡᠷᠭᠡ ᠤᠯᠠᠨ ᠵᠦᠢᠯ ᠤᠨ ᠢᠷᠠᠭᠤ ᠠᠯᠳᠠᠷ ᠢ ᠬᠦᠷᠳᠡᠭᠰᠡᠨ ᠶᠤᠮ᠃   ᠲᠤᠰᠬᠤᠨ ᠤ ᠨᠠᠮ ᠤᠨ ᠡᠭᠦᠷ ᠤᠨ ᠱᠦᠵᠢ ᠵᠢᠶᠠ ᠳ᠋ᠦᠩ ᠱᠧᠩ᠄ ︽ ᠬᠤᠶᠢᠰᠢᠳᠠ ᠴᠤ ᠭᠡᠰᠡᠨ ᠪᠢᠳᠡ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ  ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠭᠡᠰᠢᠭᠦᠨ ᠪᠠ ᠤᠯᠠᠨ ᠲᠦᠮᠡᠨ ᠢᠶᠠᠨ ᠳᠠᠭᠠᠭᠤᠯᠤᠨ ᠬᠠᠮᠲᠤ ᠪᠠᠷ ᠴᠢᠷᠮᠠᠶᠢᠵᠤ᠂ ᠬᠠᠮᠲᠤ ᠶᠢᠨ ᠠᠵᠤ ᠠᠬᠤᠶ ᠪᠠᠨ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ᠂ ᠣᠲᠣ ᠶᠢᠨ ᠠᠵᠤ ᠦᠢᠯᠡᠰ ᠤᠨ  ᠬᠦᠭᠵᠢᠯᠳᠡ ᠶᠢᠨ ᠬᠢ ᠪᠠᠨ ᠰᠠᠭᠤᠷᠢᠨ ᠳᠡᠭᠡᠷ᠎ᠡ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠤᠷᠳᠤᠳᠬᠠᠵᠤ᠂ ᠰᠢᠯᠢᠳᠡᠭ ᠰᠠᠶᠢᠨ ᠣᠷᠴᠢᠨ ᠨᠦᠬᠦᠴᠡᠯ ᠪᠠ ᠠᠵᠤ ᠦᠢᠯᠡᠰ ᠤᠨ ᠳᠠᠪᠠᠭᠤᠯᠢᠭ  ᠲᠠᠭᠠᠨ ᠲᠦᠰᠢᠭᠯᠡᠨ᠂  ᠬᠠᠮᠲᠤ ᠶᠢᠨ ᠠᠵᠤ ᠠᠬᠤᠶ  ᠪᠠᠨ ᠤᠯᠠᠮ ᠰᠠᠶᠢᠨ ᠬᠦᠭᠵᠢᠬᠦᠯᠵᠦ᠂  ᠠᠷᠠᠳ ᠲᠦᠮᠡᠨ ᠤ ᠪᠠᠨ ᠣᠷᠣᠯᠭ᠎ᠠ ᠶᠢ ᠦᠷᠬᠦᠯᠵᠢᠯᠡᠨ ᠨᠡᠮᠡᠭᠳᠡᠬᠦᠯᠦᠨ᠎ᠡ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号